ᠲᠤᠭᠤᠷᠢᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/5/9
    5 ᠰᠠᠷ᠎ᠠ ᠶᠢᠨ 8᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠬᠤᠷᠠᠯᠳᠤᠪᠠ᠃ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠵᠢᠴᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ︽ᠵᠢᠨᠢᠩ ᠲᠣᠭᠤᠷᠢᠭ ᠤᠨ 2024 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠲᠥᠰᠦᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠨᠠᠷᠢᠨ ᠲᠦᠷᠢᠮ︾᠎ ᠢ ᠰᠤᠳᠤᠯᠤᠨ ᠬᠢᠨᠠᠨ ᠵᠥᠪᠯᠡᠭᠰᠡᠨ ᠪᠥᠭᠡᠳ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠪᠠᠶᠢᠳᠠᠯ ᠢ ᠣᠨᠣᠪᠴᠢᠲᠠᠢ ᠡᠵᠡᠮᠳᠡᠵᠦ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠠᠵᠢᠯ ᠢ ᠴᠢᠩᠭ᠎ᠠ ᠠᠳᠬᠤᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠨᠠᠷᠢᠯᠢᠬᠵᠢᠭᠤᠯᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠬᠤ ᠬᠡᠷᠡᠭᠲᠡᠢ᠃ ᠰᠢᠰᠲ᠋ᠧᠮᠲᠦ ᠦᠵᠡᠯᠲᠡ ᠶᠢ ᠪᠠᠷᠢᠮᠲᠠᠯᠠᠵᠤ᠂ ︽ᠬᠤᠶᠠᠷ ᠢ ᠪᠠᠲᠤᠯᠠᠬᠤ︾᠂ ︽ᠭᠤᠷᠪᠠ ᠶᠢ ᠳᠡᠭᠡᠭᠰᠢᠯᠡᠭᠦᠯᠬᠦ︾ ᠪᠠ ︽ᠬᠤᠶᠠᠷ ᠢ ᠴᠢᠩᠭᠠᠳᠬᠠᠬᠤ︾᠎ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠶᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠶᠡᠷᠦᠩᠬᠡᠢ ᠭᠠᠷᠳᠠᠴᠠ ᠪᠣᠯᠭᠠᠵᠤ᠂ ︽︿ᠮᠢᠩᠭᠠᠨ ᠲᠦᠮᠡᠨ ᠢᠨᠵᠧᠨᠧᠷᠢᠩ﹀︾᠎ ᠢ ᠰᠤᠷᠤᠯᠴᠠᠨ ᠬᠡᠷᠡᠭᠯᠡᠬᠦ ᠪᠠᠷ ᠭᠤᠣᠯ ᠰᠢᠵᠢᠮ ᠪᠣᠯᠭᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠪᠠ ᠪᠠᠲᠤᠯᠠᠭ᠎ᠠ ᠶᠢ ᠴᠢᠩᠭᠠᠳᠬᠠᠵᠤ᠂ ᠬᠢᠨᠠᠯᠲᠠ ᠲᠠᠯᠪᠢᠵᠤ ᠬᠢᠨᠠᠨ ᠰᠢᠯᠭᠠᠬᠤ ᠶᠢ ᠴᠢᠩᠭ᠎ᠠ ᠪᠣᠳᠠᠲᠠᠢ ᠬᠢᠵᠦ᠂ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠪᠠᠷ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠤᠨ ᠡᠯ᠎ᠡ ᠵᠦᠢᠯ ᠤᠨ ᠡᠭᠦᠷᠭᠡ ᠶᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃             ᠤᠷᠴᠢᠭᠤᠯᠤᠭᠴᠢ ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2