ᠵᠢᠨᠢᠩ ᠲᠣᠭᠤᠷᠢᠭ ᠤᠨ ᠵᠠᠰᠠᠭ ᠤᠨ ᠣᠷᠳᠣᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/12
    ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠨᠠᠶᠢᠳᠠᠪᠤᠷᠢᠵᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢ  ᠠᠬᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠠᠷᠢᠯᠭᠠᠵᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠥᠬᠦ ᠲᠠᠯ᠎ᠠ ᠪᠠᠷ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠶᠢᠨ ᠲᠥᠯᠥᠭᠡ᠂ ᠣᠶᠢᠷ᠎ᠠ ᠳᠤ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠤᠨ ᠬᠤᠷᠠᠯ ᠬᠤᠷᠠᠯᠳᠤᠭᠤᠯᠪᠠ᠃ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠪᠠᠶᠢᠩᠭᠤ ᠶᠢᠨ ᠳᠡᠳ᠋ ᠳᠠᠷᠤᠭ᠎ᠠ ᠶᠤᠤ ᠬᠠᠢ ᠮᠢᠩ ᠬᠤᠷᠠᠯ ᠢ ᠡᠷᠬᠢᠯᠡᠵᠦ᠂ ᠵᠢᠨᠢᠩ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠶᠢᠨ ᠬᠠᠮᠢᠶ᠎ᠠ ᠪᠦᠬᠦᠢ ᠠᠵᠢᠯᠳᠠᠨ᠂ ᠲᠣᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠠᠴᠠ ᠵᠢᠭᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠪᠥᠬᠦ ᠬᠡᠯᠬᠢᠶ᠎ᠡ ᠶᠢ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ᠂ ᠭᠠᠯ ᠤᠨᠲᠠᠷᠠᠭᠠᠬᠤ ᠠᠵᠢᠯᠯᠠᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠲᠣᠰ ᠲᠣᠰ ᠤᠨ ᠭᠤᠤᠯ ᠬᠠᠮᠢᠶᠠᠷᠬᠤ ᠠᠵᠢᠯ ᠲᠥᠷᠥᠯ ᠤᠨ ᠬᠦᠷᠢᠶ᠎ᠡ ᠴᠠᠷᠠᠭ᠎ᠠ ᠳᠠᠭᠠᠨ ᠡᠯ᠎ᠡ ᠵᠦᠢᠯ ᠤᠨ ᠬᠠᠷᠢᠭᠤᠴᠠᠯᠭ᠎ᠠ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠣᠭᠲᠠᠭᠠᠯ ᠶᠣᠰᠣᠭᠠᠷ᠂ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠶ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠨ᠎ᠠ᠃ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠣᠶᠢᠷ᠎ᠠ ᠶᠢᠨ ᠬᠤᠭᠤᠴᠠᠭᠠᠨ ᠤ ᠪᠦᠬᠦ ᠤᠯᠤᠰ ᠤᠨ ᠡᠯ᠎ᠡ ᠭᠠᠵᠠᠷ ᠤᠨ ᠭᠠᠯ ᠤᠨ ᠭᠠᠮᠰᠢᠭ ᠤᠨ ᠠᠳᠡᠯ ᠤᠨ ᠰᠤᠷᠭᠠᠮᠵᠢ ᠶᠢ ᠭᠦᠨᠵᠡᠭᠡᠢ ᠰᠢᠩᠭᠡᠭᠡᠨ ᠠᠪᠴᠤ᠂ ᠴᠢᠬᠤᠯᠠᠴᠢᠯᠠᠨ ᠦᠵᠡᠵᠦ᠂ ᠲᠠᠨᠢᠯᠲᠠ ᠪᠠᠨ ᠳᠡᠭᠡᠭᠰᠢᠯᠡᠭᠦᠯᠵᠦ᠂  ᠬᠢᠨᠠᠮᠠᠭᠠᠢ ᠰᠤᠳᠤᠯᠵᠤ᠂ ᠤᠷᠢᠳᠴᠢᠯᠠᠨ ᠲᠥᠯᠥᠪᠵᠢᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠥᠨᠳᠥᠷ ᠲᠦᠪᠰᠢᠨ ᠢᠶᠠᠷ ᠠᠬᠢᠭᠤᠯᠬᠤ ᠬᠡᠷᠡᠭᠲᠡᠢ᠃ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠳᠣᠭᠢᠷᠠᠭᠤᠯᠤᠨ᠂ ᠪᠡᠶ᠎ᠡ ᠪᠠᠷ ᠢᠶᠠᠨ ᠠᠬᠢᠭᠤᠯᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ ᠪᠣᠳᠠᠲᠠᠶ ᠬᠠᠷᠢᠭᠤᠴᠠᠵᠤ᠂ ᠰᠠᠨᠠᠭᠠᠴᠢᠯᠠᠭ᠎ᠠ ᠠᠴᠠ ᠪᠠᠨ ᠵᠣᠬᠢᠴᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠬᠤᠶᠠᠷ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠬᠡᠷᠡᠭᠲᠡᠶ᠃ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠬᠢᠨ ︽ᠭᠠᠯ ᠤᠨᠲᠠᠷᠠᠭᠠᠬᠤ ᠠᠮᠤᠷ ᠲᠦᠪᠰᠢᠨ ᠤ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾ ᠵᠢᠴᠢ  ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ ᠶᠢᠨ ᠡᠭᠦᠷᠭᠡ ᠶᠢᠨ ᠨᠠᠷᠢᠨ ᠲᠠᠩᠰᠠ᠂ ᠠᠵᠢᠯ ᠤᠨ ᠠᠷᠭ᠎ᠠ ᠬᠡᠮᠵᠢᠶ᠎ᠡ ᠪᠣᠯᠤᠨ ᠱᠠᠳᠤ ᠦᠶ᠎ᠡ ᠶᠢᠨ ᠲᠤᠬᠢᠷᠠᠭᠤᠯᠤᠯᠳᠠ ᠲᠠᠢ ᠴᠢᠩᠭ᠎ᠠ ᠬᠠᠷᠭᠤᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠬᠦᠯᠦᠨ ᠲᠡᠭᠦᠯᠳᠡᠷᠵᠢᠭᠦᠯᠬᠦ᠂ ᠭᠠᠯ ᠤᠨᠲᠠᠷᠠᠭᠠᠬᠤ ᠠᠮᠤᠷ ᠲᠦᠪᠰᠢᠨ ᠤ ᠶᠡᠷᠦᠩᠬᠡᠶᠢᠯᠡᠭᠰᠡᠨ ᠵᠠᠰᠠᠯᠲᠠ ᠶᠢ ᠴᠢᠩᠭᠠᠳᠬᠠᠬᠤ᠂ ᠤᠬᠠᠭᠤᠯᠭ᠎ᠠ ᠪᠣᠯᠪᠠᠰᠤᠷᠠᠯ ᠤᠨ ᠡᠷᠴᠢᠮ ᠢ ᠴᠢᠩᠭᠠᠳᠬᠠᠬᠤ᠂ ᠭᠠᠯ ᠤᠨᠲᠠᠷᠠᠭᠠᠬᠤ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠳᠤ ᠬᠢᠨᠠᠯᠲᠠ ᠲᠠᠯᠪᠢᠵᠤ ᠪᠠᠶᠢᠴᠠᠭᠠᠬᠤ ᠪᠠ ᠬᠠᠮᠢᠶᠠᠷᠬᠤ ᠶᠢ ᠴᠢᠩᠭᠠᠳᠬᠠᠬᠤ ᠵᠡᠷᠭᠡ ᠲᠠᠪᠤᠨ ᠲᠠᠯ᠎ᠠ ᠪᠠᠷ ᠬᠦᠴᠦ ᠣᠷᠣᠭᠤᠯᠵᠤ᠂ ᠡᠯ᠎ᠡ ᠲᠤᠰᠬᠠᠢ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠭᠤᠷᠪᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠡᠯ᠎ᠡ ᠰᠠᠯᠠᠭ᠎ᠠ ᠮᠥᠴᠢᠷ ᠤᠨ ᠬᠢᠨ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠦᠭᠰᠢᠭᠦᠷᠢ ᠶᠢᠨ ᠤᠬᠠᠮᠰᠠᠷ ᠪᠠ ᠬᠤᠷᠢᠭ᠎ᠠ ᠱᠤᠭᠤᠮ ᠤᠨ ᠰᠡᠳᠬᠢᠬᠦᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ ᠴᠢᠬᠤᠯᠠ ᠶᠡᠭᠡ ᠠᠰᠠᠭᠤᠳᠠᠯ ᠢ ᠰᠢᠢᠳᠪᠦᠷᠢᠯᠡᠵᠦ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠬᠡᠯᠬᠢᠶ᠎ᠡ ᠶᠢ ᠤᠯᠠᠮ ᠴᠢᠨᠠᠭᠰᠢᠳᠠ ᠴᠢᠩᠭᠠᠳᠬᠠᠵᠤ᠂ ᠪᠦᠬᠦ ᠲᠤᠭᠤᠷᠢᠭ ᠤᠨ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠠᠵᠢᠯ ᠢ ᠴᠢᠨᠠᠷ ᠰᠠᠶᠢᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2