ᠴᠢᠶᠣᠤ ᠰᠢ ᠵᠡᠭᠡᠯᠢ ᠭᠤᠳᠤᠮᠵᠢ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2024/6/13
     ᠭᠠᠯ ᠤᠨ ᠠᠶᠤᠯ ᠤᠨ ᠠᠳᠡᠯ ᠤᠨ ᠳᠠᠯᠳᠠ ᠬᠡᠮ ᠢ ᠦᠨᠳᠦᠰᠦᠨ ᠠᠴᠠ ᠨᠢ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠶ ᠰᠡᠷᠭᠡᠶᠢᠯᠡᠬᠦ ᠶᠢᠨ ᠲᠥᠯᠥᠭᠡ᠂ 6 ᠰᠠᠷ᠎ᠠ ᠶᠢᠨ 13᠎ ᠤ ᠡᠳᠦᠷ ᠤᠨ ᠦᠳᠡ ᠶᠢᠨ ᠬᠤᠶᠢᠨ᠎ᠠ᠂ ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠢᠨᠢᠩ ᠲᠣᠭᠤᠷᠢᠭ ᠤᠨ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠬᠢ ᠵᠢᠴᠢ ᠬᠠᠷᠢᠶ᠎ᠠ ᠣᠷᠣᠨ ᠤ ᠲᠣᠮᠢᠯᠠᠭᠰᠠᠨ ᠰᠠᠯᠪᠤᠷᠢ ᠶᠢᠨ ᠬᠠᠮᠢᠶ᠎ᠠ ᠪᠦᠬᠦᠢ ᠠᠵᠢᠯᠲᠠᠳ ᠲᠠᠢ ᠬᠠᠮᠲᠤᠷᠠᠨ᠂ ᠬᠠᠷᠢᠶ᠎ᠠ ᠣᠷᠣᠨ ᠤ ᠰᠢᠨᠬᠤᠸᠠ ᠵᠡᠭᠡᠯᠢ ᠶᠢᠨ ᠪᠠᠭ᠎ᠠ ᠰᠤᠷᠭᠠᠭᠤᠯᠢ᠂ ᠵᠢᠨᠢᠩ ᠲᠣᠭᠤᠷᠢᠭ ᠤᠨ ᠳᠥᠷᠪᠡᠳᠦᠭᠡᠷ ᠬᠡᠦᠬᠡᠳ ᠤᠨ ᠴᠡᠴᠡᠷᠯᠢᠭ ᠵᠡᠷᠭᠡ ᠬᠥᠮᠦᠨ ᠬᠠᠷ᠎ᠠ ᠲᠥᠪᠯᠡᠷᠡᠭᠰᠡᠨ ᠲᠠᠯᠠᠪᠤᠷ ᠭᠠᠵᠠᠷ ᠤᠨ ᠭᠠᠯ ᠤᠨᠲᠠᠷᠠᠭᠠᠬᠤ ᠠᠮᠤᠷ ᠲᠦᠪᠰᠢᠨ ᠢ ᠨᠠᠷᠢᠨ ᠨᠢᠮᠪᠠᠢ ᠰᠤᠷᠪᠤᠯᠵᠢᠯᠠᠨ ᠵᠢᠭᠰᠠᠭᠠᠨ ᠪᠠᠶᠢᠴᠠᠭᠠᠪᠠ᠃     ᠪᠠᠶᠢᠴᠠᠭᠠᠬᠤ ᠠᠵᠢᠯᠲᠠᠳ ᠰᠤᠷᠭᠠᠭᠤᠯᠢ ᠶᠢᠨ ᠬᠠᠷᠢᠭᠤᠴᠠᠯᠭᠠᠲᠠᠨ ᠠᠴᠠ ᠰᠤᠷᠭᠠᠭᠤᠯᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠣᠶᠢᠯᠠᠭᠠᠵᠤ᠂ ᠵᠢᠭᠠᠨ ᠰᠤᠷᠭᠠᠯᠲᠠ ᠶᠢᠨ ᠠᠰᠠᠷ᠂ ᠪᠠᠶᠢᠷᠢ ᠶᠢᠨ ᠬᠡᠷ ᠵᠡᠷᠭᠡ ᠭᠤᠤᠯᠳᠠᠯᠭ᠎ᠠ ᠲᠠᠢ ᠬᠡᠰᠡᠭ ᠲᠤ ᠭᠠᠯ ᠤᠨᠲᠠᠷᠠᠭᠠᠬᠤ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ᠂ ᠲᠠᠷᠬᠠᠭᠠᠬᠤ ᠨᠡᠪᠲᠡᠷᠡᠬᠦ ᠵᠠᠮ᠂ ᠠᠮᠤᠷ ᠲᠦᠪᠰᠢᠨ ᠭᠠᠷᠬᠤ ᠡᠭᠦᠳᠡ ᠨᠢ ᠰᠠᠭᠠᠳ ᠥᠬᠡᠶ ᠨᠡᠪᠲᠡᠷᠡᠬᠦ ᠡᠰᠡᠬᠦ᠂ ᠲᠠᠷᠬᠠᠭᠠᠬᠤ ᠵᠢᠭᠠᠯᠲᠠ ᠲᠡᠮᠳᠡᠭ᠂ ᠪᠠᠴᠢᠮ ᠪᠠᠶᠢᠳᠠᠯ ᠢ ᠠᠷᠭᠠᠴᠠᠬᠤ ᠭᠡᠷᠡᠯᠲᠦᠭᠦᠯᠬᠦ ᠳ᠋ᠧᠩ ᠤᠨ ᠲᠣᠬᠢᠷᠠᠭᠤᠯᠤᠯᠲᠠ ᠨᠢ ᠱᠠᠭᠠᠷᠳᠠᠯᠭ᠎ᠠ ᠳᠤ ᠨᠡᠶᠢᠴᠡᠬᠦ ᠡᠰᠡᠬᠦ᠂ ᠭᠠᠯ ᠤᠨᠲᠠᠷᠠᠭᠠᠭᠤᠷ ᠵᠡᠷᠭᠡ ᠭᠠᠯ ᠤᠨᠲᠠᠷᠠᠭᠠᠬᠤ ᠪᠡᠯᠡᠳᠬᠡᠮᠵᠢ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ᠂ ᠰᠤᠷᠭᠠᠭᠤᠯᠢ ᠶᠢᠨ ᠳᠣᠲᠣᠷ᠎ᠠ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠲᠣᠰᠣ ᠬᠡᠷᠡᠭᠯᠡᠬᠦ᠂ ᠬᠡᠢ ᠬᠡᠷᠡᠭᠯᠡᠬᠦ ᠬᠠᠮᠢᠶᠠᠷᠤᠯᠲᠠ ᠨᠢ ᠵᠢᠷᠤᠮᠵᠢᠭᠰᠠᠨ ᠡᠰᠡᠬᠦ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠦᠵᠡᠪᠡ᠃ ᠪᠠᠶᠢᠴᠠᠭᠠᠵᠤ ᠢᠯᠡᠷᠡᠭᠦᠯᠦᠭᠰᠡᠨ ᠳᠠᠯᠳᠠ ᠭᠡᠮ ᠳᠤ ᠴᠢᠭᠯᠡᠭᠦᠯᠦᠨ᠂ ᠪᠠᠶᠢᠴᠠᠭᠠᠬᠤ ᠠᠵᠢᠯᠲᠠᠨ ᠴᠢᠭᠯᠡᠭᠦᠯᠬᠦ ᠴᠢᠨᠠᠷᠲᠠᠶ ᠴᠡᠭᠴᠡᠯᠡᠨ ᠰᠠᠶᠢᠵᠢᠷᠠᠭᠤᠯᠬᠤ ᠰᠠᠨᠠᠯ ᠳᠤᠷᠠᠳᠴᠤ᠂ ᠲᠤᠬᠠᠶ ᠶᠢᠨ ᠲᠠᠯᠠᠪᠤᠷ ᠲᠤ ᠳᠠᠯᠳᠠ ᠭᠡᠮ ᠢ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ ᠪᠠᠭᠤᠯᠭᠠᠬᠤ ᠶᠢᠨ ᠬᠠᠮᠲᠤ ᠰᠤᠷᠭᠠᠭᠤᠯᠢ ᠶᠢ ᠭᠠᠯ ᠤᠨᠲᠠᠷᠠᠭᠠᠬᠤ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠡᠯ᠎ᠡ ᠲᠥᠷᠥᠯ ᠤᠨ ᠭᠠᠯ ᠤᠨ ᠠᠶᠤᠯ ᠤᠨ ᠳᠠᠯᠳᠠ ᠭᠡᠮ ᠢ ᠡᠷᠡᠰ ᠠᠷᠢᠯᠭᠠᠬᠤ ᠬᠡᠷᠡᠭᠲᠡᠶ ᠭᠡᠵᠦ ᠱᠠᠭᠠᠷᠳᠠᠪᠠ᠃     ᠲᠣᠰ ᠤᠳᠠᠭᠠᠨ ᠤ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠨᠢ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠦᠨᠡᠨ ᠬᠦ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠭᠠᠯ ᠤᠨᠲᠠᠷᠠᠭᠠᠬᠤ ᠬᠠᠮᠢᠶᠠᠷᠤᠯᠲᠠ ᠶᠢᠨ ᠠᠵᠢᠯ ᠤᠨ ᠲᠦᠷᠢᠮ ᠢ ᠵᠢᠷᠤᠮᠵᠢᠭᠤᠯᠤᠨ ᠲᠡᠭᠦᠯᠳᠡᠷᠵᠢᠭᠦᠯᠪᠡ᠃ ᠲᠠᠷᠠᠭᠠᠴᠢ ᠶᠢᠨ ᠠᠯᠬᠤᠮ ᠳᠤ᠂ ᠴᠢᠶᠣᠤ ᠰᠢ ᠵᠡᠭᠡᠯᠢ ᠭᠤᠳᠤᠮᠵᠢ ᠶᠢᠨ ᠬᠢᠨ ᠬᠥᠮᠦᠨ ᠣᠯᠠᠨ ᠴᠤᠭᠯᠠᠷᠠᠳᠠᠭ ᠭᠠᠵᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠡᠷᠭᠡᠶᠢᠯᠡᠯᠲᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠵᠤ᠂ ᠬᠠᠷᠢᠶᠠᠲᠤ ᠣᠷᠣᠨ ᠤ ᠠᠮᠤᠷ ᠲᠦᠪᠰᠢᠨ ᠢ ᠬᠠᠮᠠᠭᠠᠯᠠᠨ᠎ᠠ᠃            ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2