ᠵᠢᠨᠢᠩ ᠲᠣᠭᠤᠷᠢᠭ 12345 ᠬᠠᠯᠠᠮᠰᠢᠯ ᠤᠲᠠᠰᠤᠨ ᠤ ᠦᠢᠯᠡᠴᠢᠯᠡᠭᠡ ᠶᠢ ᠬᠦᠢᠴᠡᠳᠬᠡᠬᠦ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/14
     6 ᠰᠠᠷ᠎ᠠ ᠶᠢᠨ 7᠎ ᠤ ᠡᠳᠦᠷ᠂ ᠵᠢᠨᠢᠩ ᠲᠣᠭᠤᠷᠢᠭ ᠤᠨ 12345 ᠬᠠᠯᠠᠮᠰᠢᠯ ᠤᠲᠠᠰᠤᠨ ᠤ ᠦᠢᠯᠡᠴᠢᠯᠡᠭᠡ ᠶᠢ ᠬᠦᠢᠴᠡᠳᠬᠡᠬᠦ ᠰᠠᠷ᠎ᠠ ᠶᠢᠨ ᠦᠨᠡᠯᠡᠯᠲᠡ ᠶᠢᠨ ᠬᠤᠷᠠᠯ ᠬᠤᠷᠠᠯᠳᠤᠭᠤᠯᠵᠤ᠂ ᠵᠥᠷᠢᠶ᠎ᠡ ᠪᠠ ᠬᠦᠷᠦᠯᠴᠡᠬᠦ ᠥᠬᠡᠶ ᠲᠠᠯ᠎ᠠ ᠪᠠᠨ ᠪᠥᠬᠦ ᠲᠠᠯ᠎ᠠ ᠪᠠᠷ ᠪᠦᠷᠢᠳᠬᠡᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠵᠤ᠂ ᠠᠵᠢᠯ ᠤᠨ ᠭᠤᠤᠯᠳᠠᠯᠭ᠎ᠠ ᠪᠠᠨ ᠣᠨᠣᠪᠴᠢᠲᠠᠶ ᠣᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠶᠢᠳᠠᠪᠤᠷᠢᠵᠢᠭᠤᠯᠵᠤ᠂ 12345 ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠬᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠬᠦᠢᠴᠡᠳᠬᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠭᠤᠣᠯ ᠤᠳᠤᠷᠢᠳᠤᠯᠭ᠎ᠠ ᠪᠡᠶ᠎ᠡ ᠪᠠᠷ ᠢᠶᠠᠨ ᠣᠷᠣᠯᠴᠠᠵᠤ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ ᠤᠯᠠᠨ ᠲᠦᠮᠡᠨ ᠤ ᠲᠤᠰᠬᠠᠯ ᠨᠡᠯᠢᠶᠡᠳ ᠲᠤᠪᠤᠶᠢᠮ᠎ᠠ ᠪᠠᠶᠢᠬᠤ ᠠᠰᠠᠭᠤᠳᠠᠯ ᠢ ᠰᠤᠳᠤᠯᠤᠨ ᠬᠦᠢᠴᠡᠳᠬᠡᠬᠦ ᠬᠡᠷᠡᠭᠲᠡᠢ︔ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠰᠠᠨᠠᠭᠠᠴᠢᠯᠠᠭ᠎ᠠ ᠠᠴᠠ ᠪᠠᠨ ᠨᠡᠪᠲᠡᠷᠡᠯᠴᠡᠵᠦ᠂ ᠳᠡᠭᠡᠳᠦ ᠳᠣᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ᠂ ᠬᠠᠮᠵᠢᠯᠴᠠᠵᠤ᠂ ᠠᠰᠠᠭᠤᠳᠠᠯ ᠲᠠᠢ ᠪᠣᠯ ᠴᠠᠭ ᠲᠤᠬᠠᠶ ᠳᠤᠨᠢ ᠨᠡᠪᠲᠡᠷᠡᠯᠴᠡᠵᠦ᠂ ᠴᠠᠭ ᠲᠤᠬᠠᠶ ᠳᠤᠨᠢ ᠵᠣᠬᠢᠴᠠᠭᠤᠯᠵᠤ᠂ ᠴᠠᠭ ᠲᠤᠬᠠᠶ ᠳᠤᠨᠢ ᠬᠦᠢᠴᠡᠳᠬᠡᠬᠦ ᠶᠢ ᠦᠨᠡᠨ ᠬᠦ ᠪᠠᠲᠤᠯᠠᠬᠤ ᠬᠡᠷᠡᠭᠲᠡᠶ︔ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠬᠠᠯᠠᠮᠰᠢᠯ ᠤᠲᠠᠰᠤ ᠶᠢ ᠬᠦᠢᠴᠡᠳᠬᠡᠬᠦ ᠠᠵᠢᠯ ᠢ ᠪᠣᠳᠠᠲᠠᠶ ᠪᠥᠭᠡᠳ ᠨᠠᠷᠢᠯᠢᠭ ᠠᠳᠬᠤᠵᠤ᠂ ᠣᠯᠠᠨ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠬᠡᠷᠡᠭᠲᠡᠶ︔ ︽ᠪᠠᠷᠢᠮᠵᠢᠶ᠎ᠠ ᠨᠢ ᠨᠠᠩ ᠥᠨᠳᠥᠷ᠂ ᠠᠵᠢᠯ ᠨᠢ ᠨᠠᠩ ᠨᠠᠷᠢᠯᠢᠭ᠂ ᠶᠠᠰᠤ ᠴᠢᠨᠠᠷ ᠨᠢ ᠨᠠᠩ ᠨᠠᠷᠢᠯᠢᠭ︾ ᠪᠠᠶᠢᠬᠤ ᠱᠠᠭᠠᠷᠳᠠᠯᠭ᠎ᠠ ᠶᠣᠰᠣᠭᠠᠷ᠂ ᠠᠵᠢᠯ ᠢᠶᠠᠨ ᠪᠥᠬᠦ ᠲᠠᠯ᠎ᠠ ᠪᠠᠷ ᠡᠮᠬᠢᠯᠡᠵᠦ᠂ ᠴᠠᠭ ᠲᠤᠬᠠᠶ ᠳᠤᠨᠢ ᠳᠤᠲᠠᠭᠤ ᠪᠠᠨ ᠪᠠᠶᠢᠴᠠᠭᠠᠨ ᠨᠥᠬᠦᠪᠥᠷᠢᠯᠡᠵᠦ᠂ ᠨᠠᠷᠢᠯᠢᠭᠵᠢᠭᠤᠯᠵᠤ ᠂ ᠪᠠᠷᠢᠮᠵᠢᠶᠠᠵᠢᠭᠤᠯᠬᠤ ᠳᠠᠭᠠᠨ 12345 ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠬᠦᠢᠴᠡᠳᠬᠡᠬᠦ ᠠᠵᠢᠯ ᠢ ᠰᠠᠶᠢᠲᠤᠷ ᠬᠢᠬᠦ ᠬᠡᠷᠡᠭᠲᠡᠶ ᠭᠡᠵᠡᠢ᠃
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2