ᠵᠢᠨᠢᠩ ᠲᠣᠭᠤᠷᠢᠭ᠄ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠲᠠᠷᠢᠶᠠᠨ ᠭᠠᠵᠠᠷ ᠲᠤ ᠬᠦᠷᠭᠡᠪᠡ
ᠨᠡᠶᠢᠲᠡᠯᠡᠭᠰᠡᠨ ᠴᠠᠭ᠄
2024/6/14
       ︽ᠤᠤᠯ ᠨᠢ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠳᠡᠮᠡᠢ ᠣᠶᠢᠯᠠᠭᠠᠬᠤ ᠦᠭᠡᠢ᠂ ᠥᠨᠥᠳᠦᠷ ᠲᠤᠬᠠᠢ ᠶᠢᠨ ᠲᠠᠯᠠᠪᠠᠢ ᠶᠢᠨ ᠲᠠᠶᠢᠯᠪᠤᠷᠢᠯᠠᠯᠲᠠ ᠶᠢ ᠰᠣᠨᠣᠰᠤᠭᠠᠳ ᠰᠡᠳᠬᠢᠯ ᠰᠠᠨᠠᠭ᠎ᠠ ᠲᠣᠭᠲᠠᠭᠤᠨ ᠪᠣᠯᠵᠠᠶ᠂ ᠬᠤᠵᠢᠮ ᠡᠪᠡᠳᠴᠢᠨ ᠦᠵᠡᠭᠦᠯᠬᠦ ᠳᠤ ᠴᠤ ᠵᠣᠪᠠᠭ᠋ᠤ ᠦᠭᠡᠢ ᠪᠣᠯᠵᠠᠢ︾ ᠭᠡᠵᠦ ᠬᠡᠯᠡᠪᠡ᠃ ᠣᠶᠢᠷ᠎ᠠ ᠳᠤ᠂ ᠵᠢᠨᠢᠩ ᠲᠣᠭᠤᠷᠢᠭ ᠤᠨ 2024 ᠣᠨ ᠤ ᠰᠣᠶᠣᠯ ᠰᠢᠨᠵᠢᠯᠡᠬᠦ ᠤᠬᠠᠭᠠᠨ ᠮᠡᠷᠭᠡᠵᠢᠯ ᠡᠷᠡᠭᠦᠯ ᠬᠠᠮᠠᠭᠠᠯᠠᠯ ᠤᠨ ︽ᠭᠤᠷᠪᠠ ᠶᠢ ᠬᠥᠳᠡᠭᠡ ᠪᠠᠭᠤᠯᠭᠠᠬᠤ︾ ᠲᠥᠪᠯᠡᠷᠡᠭᠦᠯᠦᠨ ᠵᠢᠱᠢᠶ᠎ᠡ ᠦᠵᠡᠭᠦᠯᠬᠦ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠵᠢᠨᠢᠩ ᠲᠣᠭᠤᠷᠢᠭ ᠤᠨ ᠪᠠᠢ ᠬᠠᠢ ᠽᠢ ᠪᠠᠯᠭᠠᠰᠤᠨ ᠤ ᠰᠠᠨ ᠭᠦ᠋ ᠴᠢᠤᠸᠠᠨ ᠲᠣᠰᠬᠤᠨ ᠤ ᠠᠭᠤᠳᠠᠮ ᠲᠠᠯᠠᠪᠠᠢ ᠳᠤ ᠶᠠᠪᠤᠭᠳᠠᠪᠠ ᠃      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠵᠢᠨᠢᠩ ᠤᠨ ᠤᠯᠠᠭᠠᠨᠮᠥ᠋ᠴᠢᠷ ᠤᠨ ᠲᠣᠭᠯᠠᠭᠴᠢᠳ ᠲᠣᠰᠬᠤᠨ ᠤ ᠠᠷᠠᠳ ᠲᠤ ᠠᠪᠴᠢᠷᠠᠭᠰᠠᠨ ᠳᠠᠭᠤᠤ ᠪᠥᠵᠢᠭ᠂ ᠮᠣᠷᠢᠨ ᠬᠤᠭᠤᠷ ᠤᠨ ᠬᠥᠭᠵᠢᠮ ᠵᠡᠷᠭᠡ ᠲᠣᠭᠯᠠᠯᠲᠠ ᠨᠢ ᠴᠠᠭ ᠦᠶ᠎ᠡ ᠶᠢᠨ ᠭᠤᠣᠯ ᠰᠡᠳᠦᠪ ᠪᠣᠯᠤᠨ ᠬᠥᠳᠡᠭᠡ ᠲᠣᠰᠬᠤᠨ ᠤ ᠰᠣᠶᠣᠯ ᠢᠷᠭᠡᠨᠰᠢᠯ ᠤᠨ ᠳᠦᠷᠰᠦ ᠪᠠᠶᠢᠳᠠᠯ ᠢ ᠢᠯᠡᠷᠡᠭᠦᠯᠵᠦ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠪᠠᠭ᠋ᠠᠷᠬᠠᠯ ᠢ ᠲᠠᠲᠠᠪᠠ᠃ ᠡᠭᠦᠨ ᠤ ᠬᠠᠮᠲᠤ ᠥᠷᠨᠢᠭᠦᠯᠦᠭᠰᠡᠨ ᠡᠮᠴᠢᠯᠡᠭᠡᠨ ᠤ ᠶᠤᠰᠤ ᠵᠢᠷᠤᠮ ᠤᠨ ᠡᠮᠴᠢᠯᠡᠭᠡ᠂ ᠶᠤᠰᠤ ᠵᠢᠷᠤᠮ ᠤᠨ ᠬᠠᠶᠢᠴᠢ᠂ ᠲᠠᠷᠢᠶᠠᠯᠠᠩ ᠤᠨ ᠮᠡᠷᠭᠡᠵᠢᠯ ᠤᠨ ᠮᠡᠳᠡᠯᠭᠡ ᠶᠢᠨ ᠲᠠᠶᠢᠯᠤᠮᠵᠢ᠂ ᠬᠠᠶᠢᠷ᠎ᠠ ᠬᠠᠯᠠᠮᠵᠢ ᠶᠢᠨ ᠭᠱᠠᠨ ᠵᠠᠭᠤᠷ᠎ᠠ ᠶᠢᠨ ᠨᠡᠶᠢᠲᠡ ᠶᠢᠨ ᠠᠰᠠᠷᠠᠮᠵᠢ ᠶᠢᠨ ᠰᠡᠭᠦᠳᠡᠷᠯᠡᠯ᠂ ᠬᠠᠤᠯᠢ ᠴᠠᠭᠠᠵᠠ ᠶᠢᠨ ᠵᠥᠪᠯᠡᠯᠭᠡ ᠵᠡᠷᠭᠡ ᠦᠢᠯᠡᠴᠢᠯᠡᠭᠡ ᠨᠢ ᠲᠡᠭᠦᠨ ᠤ ᠬᠡᠷᠡᠭᠯᠡᠭᠡᠨ ᠤ ᠴᠢᠨᠠᠷ ᠪᠠ ᠠᠷᠠᠳ ᠲᠤ ᠲᠥᠬᠦᠮ ᠦᠵᠡᠭᠦᠯᠬᠦ ᠴᠢᠨᠠᠷ ᠢᠶᠠᠷ ᠲᠣᠰᠬᠤᠨ ᠤ ᠠᠷᠠᠳ ᠤᠨ ᠬᠦᠷᠢᠶᠡᠯᠡᠯ ᠪᠠ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ᠡᠭᠦᠨ ᠳᠤ᠂ ︽ᠡᠮᠴᠢᠯᠡᠭᠡᠨ ᠤ ᠳᠠᠭᠠᠳᠬᠠᠯ ᠢ ᠲᠦᠮᠡᠨ ᠡᠷᠦᠬᠡ ᠳᠤ ᠣᠷᠣᠭᠤᠯᠬᠤ︾ ᠠᠵᠢᠯᠯᠠᠭ᠎ᠠ ᠨᠢ ᠲᠣᠰᠬᠤᠨ ᠤ ᠠᠷᠠᠳ ᠲᠤ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠨᠠᠷᠢᠨ ᠲᠠᠨᠢᠯᠴᠠᠭᠤᠯᠤᠭᠰᠠᠨ ᠪᠥᠭᠡᠳ ᠲᠣᠰᠬᠤᠨ ᠤ ᠠᠷᠠᠳ ᠤᠨ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ᠂ ᠡᠮᠨᠡᠭᠦᠯᠬᠦ ᠶᠠᠪᠤᠴᠠ ᠵᠡᠷᠭᠡ ᠲᠠᠯ᠎ᠠ ᠶᠢᠨ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠴᠦ᠂ ᠪᠠᠰᠠ ᠡᠮᠴᠢᠯᠡᠭᠡᠨ ᠤ ᠳᠠᠭᠠᠳᠬᠠᠯ ᠤᠨ ᠡᠯᠧᠺᠲᠷᠤᠨ  ᠭᠡᠷᠡᠴᠢ ᠪᠠᠷᠢᠮᠲᠠ ᠶᠢᠨ ᠬᠡᠷᠡᠭᠯᠡᠯᠲᠡ ᠶᠢ ᠤᠬᠠᠭᠤᠯᠤᠨ ᠳᠡᠯᠭᠡᠷᠡᠭᠦᠯᠵᠦ᠂ ᠲᠣᠰᠬᠤᠨ ᠤ ᠠᠷᠠᠳ ᠤᠨ ᠡᠮᠴᠢᠯᠡᠭᠦᠯᠦᠭᠰᠡᠨ ᠵᠠᠷᠤᠳᠠᠯ ᠢ ᠳ᠋ᠦᠩᠨᠡᠨ ᠪᠤᠳᠤᠬᠤ ᠳᠤ ᠲᠥᠬᠦᠮ ᠦᠵᠡᠭᠦᠯᠦᠭᠰᠡᠨ ᠪᠠᠶᠢᠨ᠎ᠠ᠃ ︽ᠬᠡᠷ ᠤᠨ ᠴᠠᠬᠢᠯᠭᠠᠨ ᠬᠡᠷᠡᠭᠰᠡᠯ ᠰᠢᠨ᠎ᠡ ᠶᠢ ᠰᠣᠯᠢᠬᠤ︾ ᠦᠢᠯᠡᠴᠢᠯᠡᠭᠡ ᠨᠢ ᠰᠢᠨ᠎ᠡ ᠬᠡᠯᠪᠡᠷᠢ ᠶᠢᠨ ᠬᠡᠷ ᠤᠨ ᠴᠠᠬᠢᠯᠭᠠᠨ ᠬᠡᠷᠡᠭᠰᠡᠯ ᠤᠨ ᠦᠢᠯᠡᠳᠬᠦᠨ ᠢ ᠳᠡᠯᠭᠡᠨ ᠦᠵᠡᠭᠦᠯᠬᠦ᠂ ᠬᠠᠭᠤᠴᠢᠨ ᠢᠶᠠᠷ ᠰᠢᠨ᠎ᠡ ᠶᠢ ᠰᠣᠯᠢᠬᠤ ᠬᠠᠷᠠᠭᠠᠯᠵᠠᠯ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠣᠰᠬᠤᠨ ᠤ ᠠᠷᠠᠳ ᠤᠨ ᠬᠠᠭᠤᠴᠢᠨ ᠬᠡᠷ ᠤᠨ ᠴᠠᠬᠢᠯᠭᠠᠨ ᠬᠡᠷᠡᠭᠰᠡᠯ ᠢ ᠰᠢᠭᠰᠢᠭᠳᠡᠭᠦᠯᠵᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠰᠢᠨ᠎ᠡ ᠬᠡᠯᠪᠡᠷᠢ ᠶᠢᠨ ᠬᠡᠷ ᠤᠨ ᠴᠠᠬᠢᠯᠭᠠᠨ ᠬᠡᠷᠡᠭᠰᠡᠯ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ᠡᠭᠦᠨ ᠤ ᠬᠠᠮᠲᠤ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠠᠵᠢᠯᠲᠠᠳ ᠲᠣᠰᠬᠤᠨ ᠤ ᠠᠷᠠᠳ ᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠬᠠᠮᠢᠶ᠎ᠠ ᠪᠥᠬᠦᠶ ᠮᠡᠳᠡᠯᠭᠡ ᠶᠢ ᠨᠠᠷᠢᠨ ᠲᠠᠨᠢᠯᠴᠠᠭᠤᠯᠵᠤ᠂ ᠳᠠᠭᠤᠷᠢᠶᠠᠮᠠᠯ ᠬᠥᠮᠦᠨ ᠢᠶᠠᠷ ᠳᠠᠮᠵᠢᠭᠤᠯᠤᠨ ᠪᠣᠳᠠᠲᠠᠶ ᠪᠣᠯᠪᠠᠰᠤᠷᠠᠯ ᠤᠨ ᠦᠵᠡᠭᠦᠯᠭᠡ ᠬᠢᠵᠦ᠂ ᠬᠥᠮᠦᠰ ᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠠᠵᠢᠯᠯᠠᠭᠠᠨ ᠤ ᠶᠠᠪᠤᠴᠠ ᠶᠢ ᠨᠠᠩ ᠰᠢᠭᠤᠳ ᠣᠶᠢᠯᠠᠭᠠᠭᠤᠯᠵᠤ᠂ ᠵᠥᠪ ᠲᠦᠷᠭᠡᠨ ᠠᠪᠤᠷᠠᠯᠲᠠ ᠶᠢᠨ ᠤᠷ᠎ᠠ ᠴᠢᠳᠠᠪᠤᠷᠢ ᠶᠢ ᠡᠵᠡᠮᠰᠢᠭᠦᠯᠵᠡᠶ᠃      ᠵᠢᠨᠢᠩ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠶᠠᠨ ᠬᠤᠸᠠ᠄ ︽ᠲᠠᠷᠠᠭᠠᠴᠢ ᠶᠢᠨ ᠠᠯᠬᠤᠮ ᠳᠤ᠂ ᠪᠢᠳᠡ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠰᠢᠨ᠎ᠡ ᠠᠷᠭ᠎ᠠ ᠬᠡᠯᠪᠡᠷᠢ ᠶᠢ ᠲᠠᠰᠤᠷᠠᠯᠲᠠ ᠥᠬᠡᠶ ᠬᠠᠶᠢᠨ ᠰᠦᠪᠡᠭᠴᠢᠯᠡᠵᠦ᠂ ᠪᠠᠶᠠᠯᠢᠭ ᠰᠠᠶᠢᠬᠠᠨ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠢᠯᠯᠠᠭ᠎ᠠ ᠶᠢ ᠨᠠᠷᠢᠨ ᠨᠢᠮᠪᠠᠶ ᠲᠦᠯᠦᠪᠵᠢᠬᠦᠯᠵᠤ ᠂ ᠰᠣᠶᠣᠯ ᠢᠶᠠᠷ ᠲᠣᠰᠬᠤᠨ ᠢ ᠬᠥᠭᠵᠢᠭᠦᠯᠬᠦ᠂ ᠵᠢᠭᠤᠯᠴᠢᠯᠠᠯ ᠢᠶᠠᠷ ᠠᠷᠠᠳ ᠢ ᠪᠠᠶᠠᠵᠢᠭᠤᠯᠬᠤ᠂ ᠪᠡᠶ᠎ᠡ ᠶᠢᠨ ᠲᠠᠮᠢᠷ ᠢᠶᠠᠷ ᠠᠷᠠᠳ ᠢ ᠬᠦᠴᠦᠷᠬᠡᠭᠵᠢᠭᠦᠯᠦᠨ ᠠᠷᠠᠳ ᠲᠤ ᠠᠰᠢᠭ ᠬᠦᠷᠲᠡᠭᠡᠬᠦ ᠶᠢ ᠠᠬᠢᠭᠤᠯᠵᠤ᠂ ᠥᠷᠭᠡᠨ ᠣᠯᠠᠨ ᠠᠷᠠᠳ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠵᠣᠯ ᠵᠢᠷᠭᠠᠯᠲᠤ ᠲᠥᠷᠥᠭᠳᠡᠯ ᠢ ᠳᠡᠭᠡᠭᠰᠢᠯᠡᠭᠦᠯᠦᠨ᠎ᠡ︾ ᠭᠡᠵᠦ ᠢᠯᠡᠷᠬᠡᠶᠢᠯᠡᠵᠡᠢ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2