ᠴᠢᠶᠠᠨ ᠶᠢᠨ ᠯᠦ ᠵᠡᠭᠡᠯᠢ ᠭᠤᠳᠤᠮᠵᠢ ᠶᠢᠨ ᠬᠢᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/14
      ᠬᠠᠷᠢᠶᠠᠲᠤ ᠣᠷᠣᠨ ᠤ ᠭᠠᠯ ᠤᠨᠲᠠᠷᠠᠭᠠᠬᠤ ᠠᠮᠤᠷ ᠲᠦᠪᠰᠢᠨ ᠤ ᠠᠵᠢᠯ ᠢ ᠦᠨᠡᠨᠬᠦ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠤᠬᠠᠭᠤᠯᠭ᠎ᠠ ᠶᠢ ᠴᠢᠩᠭᠠᠳᠬᠠᠨ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠭᠠᠯ ᠤᠨᠲᠠᠷᠠᠭᠠᠬᠤ ᠤᠬᠠᠭᠤᠯᠭ᠎ᠠ ᠶᠢᠨ ᠨᠡᠪᠴᠢᠬᠦ ᠬᠦᠴᠦᠨ ᠢ ᠴᠢᠩᠭᠠᠷᠠᠭᠤᠯᠬᠤ ᠶᠢᠨ ᠲᠤᠰᠠᠳᠠ᠂ 6 ᠰᠠᠷ᠎ᠠ ᠶᠢᠨ 14᠎ ᠤ ᠡᠳᠦᠷ᠂ ᠴᠢᠶᠠᠨ ᠶᠢᠨ ᠯᠦ ᠵᠡᠭᠡᠯᠢ ᠭᠤᠳᠤᠮᠵᠢ ᠭᠠᠯ ᠤᠨᠲᠠᠷᠠᠭᠠᠬᠤ ᠠᠮᠤᠷ ᠲᠦᠪᠰᠢᠨ ᠤ ᠲᠤᠰᠬᠠᠶ ᠰᠡᠳᠦᠪᠲᠦ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠵᠢᠨᠢᠩ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠵᠠᠶ ᠨᠢᠩ ᠨᠢᠩ ᠢ ᠤᠷᠢᠵᠤ ᠭᠠᠯ ᠤᠨᠲᠠᠷᠠᠭᠠᠬᠤ ᠪᠣᠯᠪᠠᠰᠤᠷᠠᠯ ᠬᠢᠯᠭᠡᠵᠦ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠳ᠋ ᠡᠷᠬᠢᠯᠡᠭᠴᠢ ᠭᠦᠸᠧ ᠲᠢᠩ ᠲᠢᠩ ᠬᠤᠷᠠᠯ ᠡᠷᠭᠢᠯᠡᠵᠦ᠂ ᠲᠠᠪᠤᠨ ᠠᠩᠭᠢ ᠨᠢᠭᠡ ᠲᠥᠪ ᠤᠨ ᠬᠠᠷᠢᠭᠤᠴᠠᠯᠭᠠᠲᠠᠨ᠂ ᠡᠯ᠎ᠡ ᠨᠡᠶᠢᠭᠡᠮ ᠲᠣᠭᠤᠷᠢᠭ ᠤᠨ ᠱᠦᠵᠢ᠂ ᠰᠦᠯᠵᠢᠶᠡᠨ ᠤ ᠠᠵᠢᠯᠲᠠᠨ ᠵᠢᠴᠢ ᠠᠳᠠᠯ ᠠᠬᠤᠶ ᠶᠢᠨ ᠲᠥᠯᠥᠭᠡᠯᠡᠭᠴᠢ ᠵᠡᠷᠭᠡ ᠶᠢ ᠤᠷᠢᠵᠤ ᠲᠣᠰ ᠤᠳᠠᠭᠠᠨ ᠤ ᠪᠣᠯᠪᠠᠰᠤᠷᠠᠯ ᠳᠤ ᠣᠷᠣᠯᠴᠠᠭᠤᠯᠪᠠ᠃      ᠪᠣᠯᠪᠠᠰᠤᠷᠠᠯ ᠳᠤᠮᠳᠠ᠂ ᠡᠩ ᠲᠡᠷᠢᠭᠦᠨ ᠳᠤ ᠣᠶᠢᠷ᠎ᠠ ᠶᠢᠨ ᠬᠤᠭᠤᠴᠠᠭᠠᠨ ᠳᠤ ᠮᠤᠵᠢ ᠶᠢᠨ ᠳᠣᠲᠣᠷ᠎ᠠ ᠭᠠᠳᠠᠨ᠎ᠠ ᠡᠭᠦᠰᠦᠭᠰᠡᠨ ᠭᠠᠯ ᠤᠨ ᠭᠠᠮᠰᠢᠭ ᠤᠨ ᠠᠳᠡᠯ ᠤᠨ ᠬᠡᠷᠡᠭ ᠤᠨ ᠵᠢᠱᠢᠶ᠎ᠡ ᠶᠢ ᠨᠡᠪᠲᠡᠷᠡᠭᠦᠯᠵᠦ᠂ ᠬᠡᠷᠡᠭ ᠤᠨ ᠵᠢᠱᠢᠶ᠎ᠡ ᠶᠢᠨ ᠠᠭᠤᠯᠭ᠎ᠠ ᠲᠠᠢ ᠤᠶᠠᠯᠳᠤᠭᠤᠯᠤᠨ ᠲᠡᠳᠡᠨ ᠤ ᠡᠭᠦᠰᠦᠭᠰᠡᠨ ᠰᠢᠯᠲᠠᠭᠠᠨ ᠢ ᠵᠠᠳᠠᠯᠬᠤ ᠶᠢᠨ ᠬᠠᠮᠲᠤ ᠲᠠᠯᠠᠪᠤᠷ ᠭᠠᠵᠠᠷ ᠤᠨ ᠣᠨᠴᠠᠯᠢᠭ ᠲᠤ ᠴᠢᠭᠯᠡᠭᠦᠯᠦᠨ᠂ ᠭᠠᠯ ᠤᠨ ᠠᠶᠤᠯ ᠡᠭᠦᠰᠬᠦ ᠶᠢ ᠬᠡᠷᠬᠢᠨ ᠰᠡᠷᠭᠡᠶᠢᠯᠡᠬᠦ ᠲᠤᠬᠠᠢ ᠨᠠᠷᠢᠨ ᠲᠠᠨᠢᠯᠴᠠᠭᠤᠯᠪᠠ᠂ ᠬᠡᠷᠬᠢᠨ ᠠᠮᠤᠷ ᠲᠦᠪᠰᠢᠨ ᠢᠶᠠᠷ ᠭᠠᠯ ᠬᠡᠷᠡᠭᠯᠡᠬᠦ᠂ ᠴᠠᠬᠢᠯᠭᠠᠨ ᠬᠡᠷᠡᠭᠯᠡᠬᠦ᠂ ᠬᠡᠶ ᠬᠡᠷᠡᠭᠯᠡᠬᠦ ᠵᠡᠷᠭᠡ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠨᠠᠷᠢᠨ ᠲᠠᠨᠢᠯᠴᠠᠭᠤᠯᠪᠠ᠃ ᠡᠭᠦᠨ ᠤ ᠬᠠᠮᠲᠤ᠂ ᠡᠳᠦᠷ ᠲᠤᠲᠤᠮ ᠤᠨ ᠠᠮᠢᠳᠤᠷᠠᠯ ᠳᠤᠮᠳᠠ ︽ᠭᠤᠷᠪᠠ ᠶᠢ ᠴᠡᠪᠡᠷᠯᠡᠬᠦ ᠭᠤᠷᠪᠠ ᠶᠢ ᠤᠨᠲᠠᠷᠠᠭᠠᠬᠤ︾᠎ ᠶᠢ ᠰᠠᠶᠢᠲᠤᠷ ᠬᠢᠵᠦ᠂ ᠴᠠᠬᠢᠯᠭᠠᠨ ᠬᠥᠳᠡᠯᠭᠡᠭᠦᠷᠲᠦ ᠲᠡᠷᠭᠡ ᠶᠢ ᠴᠠᠬᠢᠯᠭᠠᠨ ᠱᠠᠲᠤ ᠳᠤ ᠣᠷᠣᠭᠤᠯᠬᠤ᠂ ᠤᠲᠠᠰᠤ ᠪᠠᠷ ᠴᠠᠬᠢᠯᠭᠠᠨ ᠴᠡᠨᠡᠭᠯᠡᠬᠦ ᠵᠡᠷᠭᠡ ᠭᠠᠯ ᠤᠨ ᠠᠶᠤᠯ ᠪᠠ ᠳᠡᠯᠪᠡᠷᠡᠯᠲᠡ ᠶᠢ ᠡᠷᠡᠰ ᠬᠤᠷᠢᠭᠯᠠᠬᠤ ᠬᠡᠷᠡᠭᠲᠡᠶ ᠭᠡᠵᠦ ᠣᠯᠠᠨ ᠳᠤ ᠰᠠᠨᠠᠭᠤᠯᠪᠠ᠃     ᠪᠣᠯᠪᠠᠰᠤᠷᠠᠭᠤᠯᠤᠯ ᠳᠤ ᠴᠢᠬᠤᠯᠠᠴᠢᠯᠠᠭᠰᠠᠨ ᠨᠢ᠂ ᠨᠢᠭᠡ ᠳᠤ ᠡᠯ᠎ᠡ ᠨᠡᠶᠢᠭᠡᠮ ᠲᠣᠭᠤᠷᠢᠭ ᠵᠢᠴᠢ ᠠᠳᠠᠯ ᠠᠬᠤᠶ ᠶᠢᠨ ᠺᠣᠮᠫᠠᠨᠢ ᠨᠢ ᠪᠥᠬᠦ ᠤᠯᠤᠰ ᠤᠨ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡᠨ ᠤ ᠠᠮᠤᠷ ᠲᠦᠪᠰᠢᠨ ᠤ ᠳᠠᠯᠳᠠ ᠬᠡᠮ ᠢ ᠪᠥᠬᠦ ᠬᠡᠯᠬᠢᠶ᠎ᠡ ᠪᠠᠷ ᠴᠡᠭᠴᠡᠯᠡᠨ ᠵᠠᠰᠠᠬᠤ ᠠᠵᠢᠯᠯᠠᠭ᠎ᠠ ᠲᠠᠢ ᠤᠶᠠᠯᠳᠤᠭᠤᠯᠤᠨ᠂ ᠰᠦᠯᠵᠢᠶᠡᠨ ᠤ ᠳᠠᠷᠤᠭ᠎ᠠ᠂ ᠠᠳᠠᠯ ᠠᠬᠤᠶ ᠶᠢᠨ ᠠᠵᠢᠯᠲᠠᠨ᠂ ᠰᠠᠶᠢᠨ ᠳᠤᠷ᠎ᠠ ᠶᠢᠨ ᠠᠵᠢᠯᠯᠠᠭᠴᠢ ᠶᠢ ᠳᠠᠶᠢᠴᠢᠯᠠᠨ ᠲᠤᠬᠠᠶ ᠶᠢᠨ ᠭᠠᠵᠠᠷ ᠲᠤᠨᠢ ᠡᠷᠦᠬᠡ ᠳᠤ ᠣᠷᠣᠭᠤᠯᠬᠤ᠂ ᠰᠠᠭᠤᠭᠠᠯᠢ ᠠᠷᠠᠳ ᠤᠨ ᠸᠢᠴᠠᠲ ᠤᠨ ᠪᠦᠯᠦᠭ᠂ ᠰᠠᠭᠤᠭᠠᠯᠢ ᠠᠷᠠᠳ ᠤᠨ ᠲᠣᠭᠤᠷᠢᠭ ᠤᠨ ᠤᠬᠠᠭᠤᠯᠭ᠎ᠠ ᠶᠢᠨ ᠪᠤᠯᠤᠩ᠂ ᠨᠡᠶᠢᠭᠡᠮ ᠲᠣᠭᠤᠷᠢᠭ ᠤᠨ ᠡᠯᠧᠺᠲᠷᠣᠨ ᠳᠡᠯᠭᠡᠴᠡ᠂ ᠰᠠᠶᠢᠨ ᠳᠤᠷ᠎ᠠ ᠶᠢᠨ ᠦᠢᠯᠡᠴᠢᠯᠡᠭᠡ ᠪᠠ ᠨᠡᠶᠢᠭᠡᠮ ᠲᠣᠭᠤᠷᠢᠭ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠪᠠᠷ ᠳᠠᠮᠵᠢᠭᠤᠯᠤᠨ ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠠᠮᠤᠷ ᠲᠦᠪᠰᠢᠨ ᠤ ᠤᠬᠠᠮᠰᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠤᠶᠠᠷ ᠲᠤ᠂ ᠡᠳᠦᠷ ᠲᠤᠲᠤᠮ ᠤᠨ ᠠᠵᠢᠯ ᠤᠨ ᠳᠤᠮᠳᠠ ᠪᠠᠨ ᠠᠷᠠᠳ ᠤᠨ ᠬᠡᠷᠡᠭᠯᠡᠭᠡᠨ ᠤ ᠪᠠᠷᠢᠯᠭ᠎ᠠ ᠶᠢᠨ ᠣᠯᠠᠨ ᠨᠡᠶᠢᠲᠡ ᠶᠢᠨ ᠡᠭᠦᠳᠡᠨ ᠲᠢᠩᠬᠢᠮ᠂ ᠲᠠᠷᠬᠠᠭᠠᠬᠤ ᠵᠠᠮ᠂ ᠠᠰᠠᠷ ᠤᠨ ᠱᠠᠲᠤ ᠶᠢᠨ ᠲᠠᠰᠤᠯᠭ᠎ᠠ᠂ ᠠᠮᠤᠷ ᠲᠦᠪᠰᠢᠨ ᠭᠠᠷᠬᠤ ᠡᠭᠦᠳᠡ ᠵᠡᠷᠭᠡ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢ ᠲᠣᠭᠲᠠᠭᠠᠯ ᠠᠴᠠ ᠵᠥᠷᠢᠴᠡᠨ ᠵᠣᠭᠰᠣᠭᠠᠵᠤ ᠴᠠᠬᠢᠯᠭᠠᠨ ᠴᠡᠨᠡᠭᠯᠡᠬᠦ ᠪᠠ ᠭᠠᠯ ᠤᠨᠲᠠᠷᠠᠭᠠᠬᠤ ᠵᠠᠮ ᠢ ᠪᠥᠭᠯᠡᠬᠦ ᠵᠡᠷᠭᠡ ᠦᠢᠯᠡ ᠠᠵᠢᠯᠯᠠᠭ᠎ᠠ ᠵᠢᠴᠢ ᠤᠲᠠᠰᠤ ᠪᠠᠷ ᠴᠠᠬᠢᠯᠭᠠᠨ ᠴᠡᠨᠡᠭᠯᠡᠬᠦ ᠠᠰᠠᠭᠤᠳᠠᠯ ᠢ ᠭᠤᠤᠯᠳᠠᠯᠭ᠎ᠠ ᠲᠠᠢ ᠵᠢᠭᠰᠠᠭᠠᠨ ᠪᠠᠶᠢᠴᠠᠭᠠᠬᠤ ᠬᠡᠷᠡᠭᠲᠡᠶ᠃ ᠭᠤᠷᠪᠠ ᠳᠤ᠂ ᠬᠠᠷᠢᠶ᠎ᠠ ᠣᠷᠣᠨ ᠤ ᠪᠠᠨ ᠳᠣᠲᠣᠷᠠᠬᠢ ᠲᠣᠰᠣ ᠨᠡᠮᠡᠬᠦ ᠥᠷᠲᠡᠭᠡ᠂ ᠬᠤᠸᠠᠷ ᠫᠤᠤᠵᠢᠩ᠂ ᠥᠪᠡᠰᠦᠪᠡᠨ ᠪᠠᠷᠢᠭᠰᠠᠨ ᠬᠡᠷ ᠪᠠᠶᠢᠰᠢᠩ ᠵᠢᠴᠢ ᠤᠳᠠᠭᠠᠨ ᠵᠢᠯ ᠵᠠᠰᠠᠭᠰᠠᠨ ᠥᠬᠡᠶ ᠬᠡᠷ ᠪᠠᠶᠢᠰᠢᠩ᠂ ᠶᠢᠰᠦᠨ ᠵᠢᠵᠢᠭ ᠲᠠᠯᠠᠪᠤᠷ ᠢᠯᠠᠩᠭᠤᠶ᠎ᠠ ᠬᠠᠶᠠᠭᠳᠠᠮᠠᠯ ᠡᠳ᠋ ᠬᠤᠳᠠᠯᠳᠤᠨ ᠠᠪᠬᠤ ᠥᠷᠲᠡᠭᠡ ᠳᠤ ᠪᠠᠶᠢᠩᠭᠤ ᠶᠢᠨ ᠴᠢᠨᠠᠷᠲᠠᠶ ᠠᠮᠤᠷ ᠲᠦᠪᠰᠢᠨ ᠤ ᠪᠠᠶᠢᠴᠠᠭᠠᠯᠲᠠ ᠥᠷᠨᠢᠭᠦᠯᠦᠨ᠎ᠡ᠃      ᠲᠣᠰ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠪᠠᠷ ᠳᠠᠮᠵᠢᠭᠤᠯᠤᠨ᠂ ᠠᠵᠢᠯᠲᠠᠳ ᠲᠤ ᠭᠠᠯ ᠤᠨᠲᠠᠷᠠᠭᠠᠬᠤ ᠶᠢ ᠠᠩᠬᠠᠷᠴᠤ᠂ ᠠᠮᠢ ᠨᠠᠰᠤ ᠶᠢ ᠨᠠᠨᠳᠢᠩᠨᠠᠨ ᠦᠵᠡᠬᠦ ᠶᠢᠨ ᠴᠢᠬᠤᠯᠠ ᠴᠢᠨᠠᠷ ᠢ ᠲᠠᠨᠢᠭᠤᠯᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠨᠡᠮᠡᠭᠳᠡᠭᠦᠯᠵᠦ᠂ ᠭᠠᠯ ᠤᠨ ᠠᠶᠤᠯ ᠢ ᠰᠡᠷᠭᠡᠶᠢᠯᠡᠬᠦ ᠠᠵᠢᠯ ᠢ ᠦᠨᠡᠨ ᠬᠦ ᠰᠠᠶᠢᠲᠤᠷ ᠬᠢᠬᠦ ᠳᠤ ᠭᠦᠨᠵᠡᠭᠡᠶ ᠵᠢᠯᠣᠭᠤᠳᠬᠤ ᠦᠢᠯᠡᠳᠦᠯ ᠦᠵᠡᠭᠦᠯᠪᠡ᠃ ᠲᠠᠷᠠᠭᠠᠴᠢ ᠶᠢᠨ ᠠᠯᠬᠤᠮ ᠳᠤ᠂ ᠴᠢᠶᠠᠨ ᠶᠢᠨ ᠯᠦ ᠵᠡᠭᠡᠯᠢ ᠭᠤᠳᠤᠮᠵᠢ ᠶᠢᠨ ᠬᠢᠨ ᠭᠠᠯ ᠤᠨᠲᠠᠷᠠᠭᠠᠬᠤ ᠠᠮᠤᠷ ᠲᠦᠪᠰᠢᠨ ᠪᠠ ᠠᠶᠤᠯᠭᠦᠶ ᠦᠶᠯᠡᠳᠪᠦᠷᠢᠯᠡᠯ ᠤᠨ ᠮᠡᠳᠡᠯᠭᠡ ᠶᠢᠨ ᠪᠣᠯᠪᠠᠰᠤᠷᠠᠯ ᠢ ᠦᠷᠭᠦᠯᠵᠢᠯᠡᠨ ᠬᠠᠮᠲᠤᠷᠠᠨ ᠥᠷᠨᠢᠭᠦᠯᠵᠦ᠂ ︽ᠬᠥᠮᠦᠨ ᠪᠦᠬᠦᠨ ᠠᠮᠤᠷ ᠲᠦᠪᠰᠢᠨ ᠢ ᠡᠷᠬᠢᠮᠯᠡᠵᠦ ᠬᠥᠮᠦᠨ ᠪᠦᠬᠦᠨ ᠪᠠᠴᠢᠮ ᠪᠠᠶᠢᠳᠠᠯ ᠢ ᠠᠷᠭᠠᠴᠠᠵᠤ ᠴᠢᠳᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠨᠢᠭᠡ ᠠᠯᠬᠤᠮ ᠪᠣᠶ ᠪᠣᠯᠭᠠᠨ᠎ᠠ᠃                   ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2