ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠭᠠᠨᠴᠠᠪ ᠬᠤᠲᠠ ᠶᠢᠨ 2024 ᠣᠨ ᠤ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ︽ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ︾᠎ ᠶᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/6/14
      ᠦᠨᠡᠨᠴᠢ ᠢᠲᠡᠭᠡᠮᠵᠢ ᠶᠢᠨ ᠦᠵᠡᠯᠲᠡ ᠶᠢ ᠤᠯᠠᠮ ᠨᠢᠭᠡ ᠠᠯᠬᠤᠮ ᠤᠬᠠᠭᠤᠯᠵᠤ᠂ ᠪᠥᠬᠦ ᠨᠡᠶᠢᠭᠡᠮ ᠤᠨ ᠦᠨᠡᠨᠴᠢ ᠢᠲᠡᠭᠡᠮᠵᠢᠲᠡᠶ ᠬᠠᠤᠯᠢ ᠶᠢ ᠰᠠᠬᠢᠬᠤ ᠤᠬᠠᠮᠰᠠᠷ ᠢ ᠴᠢᠩᠭᠠᠷᠠᠭᠤᠯᠤᠨ᠂ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠬᠦ ᠶᠢᠨ ᠲᠥᠯᠥᠭᠡ᠂ 6 ᠰᠠᠷ᠎ᠠ ᠶᠢᠨ 14᠎ ᠤ ᠡᠳᠦᠷ᠂ ᠵᠢᠨᠢᠩ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠤᠯᠠᠭᠠᠨᠴᠠᠪ ᠬᠤᠲᠠ ᠶᠢᠨ 2024 ᠣᠨ ᠤ ᠦᠨᠡᠨᠴᠢ ᠢᠲᠡᠭᠡᠮᠵᠢ ᠶᠢᠨ ᠢᠨᠵᠧᠨᠧᠷᠢᠩ ᠤᠨ ︽ᠢᠲᠡᠭᠡᠮᠵᠢ ᠶᠢᠨ ᠤᠬᠠᠭᠤᠯᠭ᠎ᠠ ᠶᠢᠨ ᠰᠠᠷ᠎ᠠ︾᠎ ᠶᠢᠨ ᠡᠬᠢᠯᠡᠯᠲᠡ ᠶᠢᠨ ᠶᠣᠰᠣᠯᠠᠯ ᠵᠢᠴᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠪᠠ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ ᠢᠯᠠᠯᠲᠠ ᠶᠢᠨ ᠡᠷᠴᠢᠨ ᠳᠡᠭᠡᠷ᠎ᠡ ᠲᠡᠷᠢᠭᠦᠨ ᠤ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ︾᠎ ᠪᠠᠷ ᠭᠤᠤᠯ ᠰᠡᠳᠦᠪ ᠪᠣᠯᠭᠠᠵᠤ᠂ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠮᠠᠨ ᠤ ᠲᠣᠪᠴᠢᠶ᠎ᠠ ᠶᠢᠨ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠡᠯᠧᠺᠲᠷᠣᠨ ᠳᠡᠯᠭᠡᠴᠡ ᠪᠠᠷ ᠤᠷᠢᠶ᠎ᠠ ᠯᠣᠽᠦ᠋ᠩ ᠨᠡᠪᠲᠡᠷᠡᠭᠦᠯᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠠᠰᠠᠭᠤᠨ ᠯᠠᠪᠯᠠᠬᠤ ᠲᠠᠪᠴᠠᠩ ᠳᠣᠭᠢᠷᠠᠭᠤᠯᠬᠤ ᠵᠡᠷᠭᠡ ᠬᠡᠯᠪᠡᠷᠢ ᠪᠠᠷ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠠᠷᠠᠳ ᠢᠷᠭᠡᠳ ᠲᠤ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠢᠲᠡᠭᠡᠮᠵᠢ ᠶᠢ ᠰᠡᠷᠭᠦᠭᠡᠬᠦ ᠬᠠᠮᠢᠶᠠᠷᠤᠯᠲᠠ ᠶᠢᠨ ᠠᠷᠭ᠎ᠠ︾᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ︽ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠦᠷᠢᠮ︾ ᠵᠢᠴᠢ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠶᠢ ᠥᠷᠭᠡᠨ ᠢᠶᠠᠷ ᠤᠬᠠᠭᠤᠯᠤᠨ ᠲᠠᠶᠢᠯᠪᠤᠷᠢᠯᠠᠵᠤ᠂ ᠲᠤᠬᠠᠶ ᠶᠢᠨ ᠲᠠᠯᠠᠪᠤᠷ ᠲᠤ ᠠᠷᠠᠳ ᠢᠷᠭᠡᠳ ᠤᠨ ᠰᠡᠵᠢᠭ ᠲᠤ ᠬᠠᠷᠢᠭᠤᠯᠲᠠ ᠥᠭᠴᠦ᠂ ᠠᠷᠠᠳ ᠢᠷᠭᠡᠳ ᠤᠨ ᠬᠠᠤᠯᠢ ᠪᠠᠷ ᠵᠠᠰᠠᠬᠤ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠦᠨᠡᠨᠴᠢ ᠢᠲᠡᠭᠡᠮᠵᠢ ᠶᠢᠨ ᠤᠬᠠᠮᠰᠠᠷ ᠢ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠡᠭᠦᠷᠭᠡ ᠴᠢᠳᠠᠪᠤᠷᠢ ᠳᠠᠭᠠᠨ ᠰᠠᠭᠤᠷᠢᠯᠠᠵᠤ᠂ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠠᠬᠢᠭᠤᠯᠵᠤ᠂ ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠤᠨ ᠠᠵᠢᠯ ᠢ ᠥᠷᠨᠢᠭᠦᠯᠵᠦ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠦᠴᠦᠯᠡᠨ ᠵᠢᠷᠤᠮᠵᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠤᠬᠠᠮᠰᠠᠷ ᠪᠣᠯᠤᠨ ᠢᠲᠡᠭᠡᠮᠵᠢ ᠶᠢᠨ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠵᠢᠨᠢᠩ ᠲᠣᠭᠤᠷᠢᠭ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠤᠨ᠎ᠠ᠃             ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2