ᠤᠯᠠᠭᠠᠨ ᠵᠠᠮ ᠤᠨ ᠰᠢᠲᠠᠮᠠᠬᠠᠶ ᠬᠡᠶ᠂ ᠢᠯᠴᠢ ᠶᠢᠨ ᠬᠦᠴᠦᠨ᠂ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠰᠢᠨ᠎ᠡ ᠪᠠᠷ ᠲᠠᠰ ᠳᠡᠪᠰᠢᠵᠦ᠂ ᠬᠤᠲᠠ ᠶᠢᠨ ︽ᠯᠤᠭᠰᠢᠭᠤᠨ ᠰᠤᠳᠠᠯ︾᠎ ᠤᠨ ᠰᠢᠨ᠎ᠡ ᠬᠠᠭᠤᠳᠠᠰᠤ ᠶᠢ ᠪᠢᠴᠢᠭᠯᠡᠪᠡ︕
ᠨᠡᠶᠢᠲᠡᠯᠡᠭᠰᠡᠨ ᠴᠠᠭ᠄
2024/6/15
       ᠣᠶᠢᠷ᠎ᠠ ᠶᠢᠨ ᠬᠡᠳᠦᠨ ᠵᠢᠯ ᠳᠤ᠂ ᠬᠤᠲᠠ ᠶᠢᠨ ᠰᠢᠨᠡᠴᠢᠯᠡᠯᠲᠡ ᠨᠢ ᠨᠢᠭᠡᠨ ᠶᠡᠷᠦᠩᠬᠡᠶᠢᠯᠡᠭᠰᠡᠨ ᠴᠢᠨᠠᠷᠲᠠᠶ ᠬᠤᠲᠠ ᠶᠢᠨ ᠵᠠᠰᠠᠯᠲᠠ ᠶᠢᠨ ᠢᠨᠵᠧᠨᠧᠷᠢᠩ ᠪᠣᠯᠤᠭᠰᠠᠨ ᠤ ᠬᠤᠪᠢ ᠳᠤ᠂ ᠤᠯᠤᠰ ᠪᠤᠶᠤ ᠬᠤᠲᠠ ᠶᠢᠨ ᠢᠷᠡᠭᠡᠳᠦᠶ ᠶᠢᠨ ᠬᠥᠭᠵᠢᠯᠲᠡ ᠪᠠ ᠰᠣᠶᠣᠯ ᠤᠨ ᠤᠯᠠᠮᠵᠢᠯᠠᠯ ᠳᠤ ᠬᠤᠯᠪᠣᠭᠳᠠᠬᠤ ᠮᠥᠷᠲᠡᠭᠡᠨ ᠪᠠᠰᠠ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ ᠪᠠᠶᠢᠨ᠎ᠠ᠃ ᠬᠤᠲᠠ ᠶᠢᠨ ᠲᠣᠭᠤᠷᠢᠭ ᠤᠨ ᠰᠠᠭᠤᠷᠢ ᠲᠥᠬᠦᠭᠡᠷᠦᠮᠵᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠬᠤᠲᠠ ᠶᠢᠨ ᠠᠷᠠᠳ ᠤᠨ ᠠᠮᠢᠳᠤᠷᠠᠯ ᠤᠨ ᠶᠠᠰᠤ ᠴᠢᠨᠠᠷ ᠪᠣᠯᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠵᠢᠨᠢᠩ ᠲᠣᠭᠤᠷᠢᠭ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠦᠶᠯᠡᠴᠢᠯᠡᠭᠡᠨ ᠤ ᠲᠥᠪ ᠤᠯᠠᠭᠠᠨ ᠵᠠᠮ ᠳᠤ ᠰᠢᠲᠠᠮᠠᠬᠠᠶ ᠬᠡᠶ᠂ ᠢᠯᠴᠢ ᠶᠢᠨ ᠬᠦᠴᠦᠨ᠂ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠢ ᠰᠢᠨᠡᠳᠬᠡᠨ ᠥᠭᠡᠷᠡᠴᠢᠯᠡᠬᠦ ᠲᠥᠷᠥᠯ ᠵᠦᠶᠯ ᠢ ᠬᠡᠷᠡᠭᠵᠢᠭᠦᠯᠪᠡ᠃      ᠲᠣᠰ ᠲᠥᠷᠥᠯ ᠵᠦᠢᠯ ᠢ 6 ᠰᠠᠷ᠎ᠠ ᠶᠢᠨ 11᠎ ᠤ ᠡᠳᠦᠷ ᠨᠢᠭᠡᠨᠲᠡ ᠠᠵᠢᠯ ᠡᠬᠢᠯᠡᠭᠦᠯᠵᠦ᠂ ᠵᠢᠱᠢᠯᠲᠡ ᠪᠠᠷ 9 ᠰᠠᠷ᠎ᠠ ᠶᠢᠨ 30᠎ ᠤ ᠡᠳᠦᠷ ᠠᠵᠢᠯ ᠳᠠᠭᠤᠰᠬᠠᠨ᠎ᠠ᠃ ᠰᠢᠲᠠᠮᠠᠬᠠᠶ ᠬᠡᠶ ᠶᠢᠨ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠨᠢ ᠱᠤᠸᠠᠩ ᠬᠤᠸᠠᠩ ᠱᠤᠭᠤᠮ ᠤᠨ ᠪᠠᠷᠠᠭᠤᠨ ᠲᠠᠯ᠎ᠠ ᠳᠤ ᠪᠠᠶᠢᠷᠢᠯᠠᠵᠤ᠂ ᠣᠷᠳᠣ ᠨᠢ ᠪᠠᠷᠤᠭ 1.25 ᠺᠢᠯᠤᠮᠧᠲᠷ ᠪᠠᠶᠢᠵᠤ᠂ ᠬᠤᠭᠤᠯᠠᠶ ᠶᠢᠨ ᠳ᠋ᠢᠶᠠᠮᠧᠲᠷ ᠨᠢ DN250 ︔ ᠢᠯᠴᠢ ᠶᠢᠨ ᠬᠦᠴᠦᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠨᠢ ᠬᠤᠤᠰ ᠰᠢᠷ᠎ᠠ ᠱᠤᠭᠤᠮ ᠤᠨ ᠵᠡᠭᠦᠨ ᠲᠠᠯ᠎ᠠ ᠳᠤ ᠪᠠᠶᠢᠷᠢᠯᠠᠵᠤ᠂ ᠣᠷᠳᠣ ᠨᠢ ᠪᠠᠷᠤᠭ 1.53 ᠺᠢᠯᠤᠮᠧᠲᠷ ᠪᠠᠶᠢᠵᠤ᠂ ᠬᠤᠭᠤᠯᠠᠶ ᠶᠢᠨ ᠳ᠋ᠢᠶᠠᠮᠧᠲᠷ ᠨᠢ DN700︔ ᠪᠣᠷᠣᠭᠠᠨ ᠤ ᠤᠰᠤᠨ ᠤ ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠨᠢ ᠬᠤᠤᠰ ᠰᠢᠷ᠎ᠠ ᠱᠤᠭᠤᠮ ᠤᠨ ᠬᠤᠶᠠᠷ ᠲᠠᠯ᠎ᠠ ᠳᠤ ᠪᠠᠶᠢᠷᠢᠯᠠᠵᠤ᠂ ᠣᠷᠳᠣ ᠨᠢ ᠪᠠᠷᠤᠭ 2.73 ᠺᠢᠯᠤᠮᠧᠲᠷ ᠪᠠᠶᠢᠵᠤ᠂ ᠬᠤᠭᠤᠯᠠᠶ ᠶᠢᠨ ᠳ᠋ᠢᠶᠠᠮᠧᠲᠷ ᠨᠢ DN1000 ᠪᠣᠯᠤᠨ᠎ᠠ᠃ ᠲᠥᠷᠥᠯ ᠵᠦᠶᠯ ᠪᠠᠶᠢᠭᠤᠯᠤᠭᠳᠠᠭᠰᠠᠨ ᠤ ᠳᠠᠷᠠᠭ᠎ᠠ ᠬᠤᠲᠠ ᠶᠢᠨ ᠲᠣᠭᠤᠷᠢᠭ ᠤᠨ ᠢᠯᠴᠢ ᠬᠠᠩᠭᠠᠬᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠰᠢᠲᠠᠮᠠᠬᠠᠶ ᠬᠡᠶ ᠶᠢᠨ ᠬᠠᠩᠭᠠᠯᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠤᠲᠠ ᠶᠢᠨ ᠤᠰᠤ ᠵᠠᠯᠠᠬᠤ ᠴᠢᠳᠠᠪᠤᠷᠢ ᠶᠢ ᠨᠡᠮᠡᠭᠳᠡᠭᠦᠯᠵᠦ᠂ ︽ᠠᠷᠠᠳ ᠲᠦᠮᠡᠨ ᠢᠶᠠᠷ ᠭᠤᠤᠯ ᠪᠣᠯᠭᠠᠬᠤ︾ ᠬᠤᠲᠠ ᠶᠢᠨ ᠪᠥᠲᠥᠭᠡᠨ ᠪᠠᠶᠢᠭᠤᠯᠤᠯᠲᠠ ᠶᠢ ᠦᠨᠡᠨ ᠬᠦ ᠬᠢᠵᠦ  ᠪᠠᠶᠢᠨ᠎ᠠ᠃     ᠲᠠᠷᠠᠭᠠᠴᠢ ᠶᠢᠨ ᠠᠯᠬᠤᠮ ᠳᠤ᠂ ᠲᠥᠪ ᠠᠴᠠ ᠪᠠᠷᠢᠯᠭ᠎ᠠ ᠶᠢᠨ ᠠᠬᠢᠴᠠ ᠶᠢ ᠨᠢᠭᠲᠠ ᠠᠩᠬᠠᠷᠴᠤ᠂ ᠪᠠᠷᠢᠯᠭ᠎ᠠ ᠶᠢᠨ ᠶᠠᠰᠤ ᠴᠢᠨᠠᠷ ᠪᠠ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠡᠭᠦᠨ ᠤ ᠬᠠᠮᠲᠤ᠂ ᠲᠥᠪ ᠠᠴᠠ ᠪᠠᠰᠠ ᠬᠤᠲᠠ ᠶᠢᠨ ᠠᠷᠠᠳ ᠯᠤᠭ᠎ᠠ ᠶᠢᠨ ᠨᠡᠪᠲᠡᠷᠡᠯᠴᠡᠭᠡ ᠪᠠ ᠰᠣᠯᠢᠯᠴᠠᠭ᠎ᠠ ᠪᠠᠨ ᠴᠢᠩᠭᠠᠳᠬᠠᠵᠤ᠂ ᠪᠠᠷᠢᠯᠭ᠎ᠠ ᠶᠢᠨ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠬᠤᠲᠠ ᠶᠢᠨ ᠠᠷᠠᠳ ᠤᠨ ᠮᠠᠳᠠᠭ ᠲᠠᠢ ᠠᠰᠠᠭᠤᠳᠠᠯ ᠳᠤ ᠬᠠᠷᠢᠭᠤᠯᠲᠠ ᠥᠭᠭᠦᠨ᠎ᠡ᠃                  ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2