| 6 ᠰᠠᠷ᠎ᠠ ᠶᠢᠨ 14 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ | ᠬᠤᠷᠠᠯᠳᠤᠭᠤᠯᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢ | ᠲᠠᠷᠬᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ | ᠱᠦᠵᠢ ᠰᠦᠨ ᠱᠤᠤ ᠴᠧᠩ ᠤᠨ ᠳᠥᠷᠪᠡᠳ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ | ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠤ ᠠᠰᠢᠭ ᠬᠦᠷᠲᠡᠭᠡᠬᠦ | ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠦᠷᠦᠯ ᠵᠦᠢᠯ ᠢ ᠴᠢᠨᠠᠭᠰᠢᠳᠠ ᠵᠢᠷᠤᠮᠵᠢᠭᠤᠯᠵᠤ᠂ | ᠨᠥᠬᠦᠪᠥᠷᠢ ᠣᠯᠭᠤᠬᠤ ᠶᠠᠪᠤᠴᠠ ᠶᠢ ᠴᠣᠮᠬᠠᠳᠬᠠᠵᠤ᠂ ᠨᠥᠬᠦᠪᠥᠷᠢ ᠣᠯᠭᠤᠬᠤ ᠲᠤᠬᠠᠢ ᠮᠡᠳᠡᠭᠳᠡᠬᠦ ᠠᠵᠢᠯ ᠢ | ᠪᠣᠳᠠᠲᠠᠶᠢᠵᠢᠭᠤᠯᠵᠤ᠂ ᠤᠯᠠᠨ ᠲᠦᠮᠡᠨ ᠢ ᠬᠠᠪᠰᠤᠷᠤᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ | ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠣᠳᠣᠷᠬᠠᠶᠢᠯᠠᠵᠤ ᠨᠠᠷᠢᠨ ᠲᠣᠳᠣᠷᠬᠠᠢ ᠪᠣᠯᠭᠠᠬᠤ ᠬᠡᠷᠡᠭᠲᠡᠢ᠃ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠠᠬᠢᠨ | ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ | ᠠᠬᠢᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠰᠠᠶᠢᠲᠤᠷ ᠰᠠᠬᠢᠵᠤ᠂ | ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠬᠤᠷᠢᠭᠯᠠᠵᠤ᠂ ᠲᠠᠷᠢᠶᠠᠨ ᠭᠠᠵᠠᠷ ᠢ ︽ᠠᠮᠤ | ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠬᠦ ᠬᠡᠷᠡᠭᠲᠡᠢ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠣᠯᠤᠨ | ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ | ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ | ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠢᠯᠪᠠᠷ ᠪᠤᠰᠤ ᠪᠠᠷ ᠣᠯᠤᠭᠰᠠᠨ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠪᠣᠬᠢᠷᠲᠤᠯ ᠥᠬᠡᠶ | ᠬᠠᠯᠬᠠᠪᠴᠢ ᠶᠢ ᠬᠠᠮᠲᠤ ᠪᠠᠷ ᠪᠥᠲᠥᠭᠡᠨ ᠪᠠᠶᠢᠭᠤᠯᠬᠤ ᠬᠡᠷᠡᠭᠲᠡᠶ᠃ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠬᠡᠯᠪᠡᠷᠢᠴᠢ | ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠣᠰᠬᠤᠨ ᠳᠤ | ᠰᠠᠭᠤᠭ᠎ᠠ ᠠᠵᠢᠯᠯᠠᠬᠤ ᠠᠩᠬᠢ ᠶᠢᠨ ᠬᠢᠨ ᠪᠡᠶᠡᠴᠢ ᠴᠢᠳᠠᠮᠠᠭᠠᠢ ᠴᠢᠨᠠᠷ ᠢᠶᠠᠨ ᠢᠳᠡᠪᠬᠢᠲᠡᠢ ᠪᠠᠳᠠᠷᠠᠭᠤᠯᠵᠤ᠂ | ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠪᠦᠬᠦ ᠲᠠᠯ᠎ᠠ ᠪᠠᠷ ᠭᠦᠨᠵᠡᠭᠡᠢ ᠪᠣᠳᠠᠲᠠᠢ ᠬᠢᠵᠦ᠂ ᠴᠢᠨᠠᠷ | ᠰᠠᠶᠢᠲᠠᠢ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠠᠵᠢᠯ ᠤᠨ ᠰᠠᠶᠢᠨ ᠠᠮᠵᠢᠯᠲᠠ ᠤᠯᠬᠤ ᠶᠢ ᠠᠬᠢᠭᠤᠯᠬᠤ ᠬᠡᠷᠡᠭᠲᠡᠢ᠃ | ᠤᠷᠴᠢᠭᠤᠯᠤᠭᠴᠢ᠄ ᠲᠤᠶᠠᠭ᠎ᠠ | |