ᠵᠠᠩ ᠶᠦᠩ ᠸᠧᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/6/17
    6 ᠰᠠᠷ᠎ᠠ ᠶᠢᠨ 15᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠮᠠᠨ ᠤ ᠲᠣᠭᠤᠷᠢᠭ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ᠃    ᠵᠠᠩ ᠶᠦᠩ ᠸᠧᠨ ᠤᠷᠢᠳ ᠬᠤᠵᠢᠳ ᠰᠢᠨᠬᠤᠸᠠ ᠵᠡᠭᠡᠯᠢ ᠭᠤᠳᠤᠮᠵᠢ ᠶᠢᠨ ᠯᠠᠢ ᠵᠢᠶᠠ ᠳ᠋ᠢ ᠲᠣᠰᠬᠤᠨ᠂ ᠮᠠ ᠯᠢᠶᠠᠨ ᠴᠢᠦᠢ ᠰᠢᠶᠠᠩ ᠤᠨ ᠳ᠋ᠠ ᠭᠧ ᠽᠦᠢ ᠲᠣᠰᠬᠤᠨ ᠵᠡᠷᠭᠡ ᠭᠠᠵᠠᠷ ᠲᠤ ᠬᠦᠷᠴᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠵᠢᠴᠢ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠬᠦᠴᠢᠷᠳᠡᠯ ᠢ ᠲᠤᠬᠠᠢ ᠶᠢᠨ ᠭᠠᠵᠠᠷ ᠲᠤᠨᠢ ᠣᠶᠢᠯᠠᠭᠠᠵᠤ᠂ ᠲᠤᠬᠠᠢ ᠶᠢᠨ ᠲᠠᠯᠠᠪᠠᠢ ᠳᠤ ᠰᠠᠨᠠᠯ ᠱᠠᠭᠠᠷᠳᠠᠯᠭ᠎ᠠ ᠳᠤᠷᠠᠳᠴᠠᠢ᠃    ᠵᠠᠩ ᠶᠦᠩ ᠸᠧᠨ ᠴᠢᠬᠤᠯᠠᠴᠢᠯᠠᠭᠰᠠᠨ ᠨᠢ᠂ ᠪᠦᠬᠦ ᠲᠤᠭᠤᠷᠢᠭ ᠤᠨ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ  ᠪᠠᠲᠤ ᠡᠭᠦᠷᠭᠡᠯᠡᠵᠦ᠂ ᠮᠠᠨ ᠤ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠦᠪᠰᠢᠨ ᠢ ᠪᠦᠬᠦ ᠬᠦᠴᠦᠨ ᠢᠶᠠᠷ ᠢᠶᠠᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠡᠭᠡᠳᠦ ᠱᠠᠲᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠢ  ᠬᠢᠨᠠᠮᠠᠭᠠᠢ ᠰᠠᠶᠢᠲᠤᠷ ᠠᠳᠬᠤᠵᠤ᠂ ᠴᠠᠭ ᠲᠤᠬᠠᠢ ᠳᠤᠨᠢ ︽  ᠪᠤᠴᠠᠵᠤ  ᠪᠠᠶᠢᠴᠠᠭᠠᠨ ᠦᠵᠡᠬᠦ︾ ᠠᠵᠢᠯ ᠢ ᠥᠷᠨᠢᠭᠦᠯᠵᠦ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠪᠠ ᠱᠠᠯᠠᠪᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢᠨ ᠰᠦᠷ ᠬᠦᠴᠦᠲᠦ ᠪᠠᠶᠢᠳᠠᠯ ᠢ ᠢᠮᠠᠭᠲᠠ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠯᠠᠨ ᠲᠦᠮᠡᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠦᠨᠡᠨ ᠬᠦ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃                                            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2