ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢ ᠲᠠᠷᠬᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/17
    6 ᠰᠠᠷ᠎ᠠ ᠶᠢᠨ 14᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢ ᠲᠠᠷᠬᠠᠭᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠤᠨ ᠳᠥᠷᠪᠡᠳ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠵᠦ ᠶᠠᠷᠢᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃    ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠦᠷᠦᠯ ᠵᠦᠢᠯ ᠢ ᠴᠢᠨᠠᠭᠰᠢᠳᠠ ᠵᠢᠷᠤᠮᠵᠢᠭᠤᠯᠵᠤ᠂ ᠨᠥᠬᠦᠪᠥᠷᠢ ᠣᠯᠭᠤᠬᠤ ᠶᠠᠪᠤᠴᠠ ᠶᠢ ᠴᠣᠮᠬᠠᠳᠬᠠᠵᠤ᠂ ᠨᠥᠬᠦᠪᠥᠷᠢ ᠣᠯᠭᠤᠬᠤ ᠲᠤᠬᠠᠢ ᠮᠡᠳᠡᠭᠳᠡᠬᠦ ᠠᠵᠢᠯ ᠢ ᠪᠣᠳᠠᠲᠠᠶᠢᠵᠢᠭᠤᠯᠵᠤ᠂ ᠤᠯᠠᠨ ᠲᠦᠮᠡᠨ ᠢ ᠬᠠᠪᠰᠤᠷᠤᠨ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠲᠣᠳᠣᠷᠬᠠᠶᠢᠯᠠᠵᠤ ᠨᠠᠷᠢᠨ ᠲᠣᠳᠣᠷᠬᠠᠢ ᠪᠣᠯᠭᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠪᠠᠶᠢᠩᠭᠤᠵᠢᠭᠤᠯᠤᠨ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠨ ᠠᠷᠭ᠎ᠠ ᠵᠠᠮ ᠢᠶᠠᠷ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠰᠠᠶᠢᠲᠤᠷ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠎ ᠶᠢ ᠬᠤᠷᠢᠭᠯᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠰᠡᠷᠭᠡᠶᠢᠯᠡᠬᠦ ᠬᠡᠷᠡᠭᠲᠡᠢ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠪᠣᠯᠤᠨ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠢᠯᠪᠠᠷ ᠪᠤᠰᠤ ᠪᠠᠷ ᠣᠯᠤᠭᠰᠠᠨ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠪᠣᠬᠢᠷᠲᠤᠯ ᠥᠬᠡᠶ ᠬᠠᠯᠬᠠᠪᠴᠢ ᠶᠢ ᠬᠠᠮᠲᠤ ᠪᠠᠷ ᠪᠥᠲᠥᠭᠡᠨ ᠪᠠᠶᠢᠭᠤᠯᠬᠤ ᠬᠡᠷᠡᠭᠲᠡᠶ᠃ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠲᠣᠭᠲᠠᠭᠠᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠪᠣᠳᠠᠲᠠᠢ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠲᠣᠰᠬᠤᠨ ᠳᠤ ᠰᠠᠭᠤᠭ᠎ᠠ ᠠᠵᠢᠯᠯᠠᠬᠤ ᠠᠩᠬᠢ ᠶᠢᠨ ᠬᠢᠨ ᠪᠡᠶᠡᠴᠢ ᠴᠢᠳᠠᠮᠠᠭᠠᠢ ᠴᠢᠨᠠᠷ ᠢᠶᠠᠨ ᠢᠳᠡᠪᠬᠢᠲᠡᠢ ᠪᠠᠳᠠᠷᠠᠭᠤᠯᠵᠤ᠂ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠠᠵᠢᠯ ᠢ ᠪᠦᠬᠦ ᠲᠠᠯ᠎ᠠ ᠪᠠᠷ ᠭᠦᠨᠵᠡᠭᠡᠢ ᠪᠣᠳᠠᠲᠠᠢ ᠬᠢᠵᠦ᠂ ᠴᠢᠨᠠᠷ ᠰᠠᠶᠢᠲᠠᠢ ᠲᠣᠰᠬᠤᠨ ᠳᠤ ᠰᠠᠭᠤᠵᠤ ᠬᠠᠪᠰᠤᠷᠤᠨ ᠲᠡᠳᠬᠦᠬᠦ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠰᠠᠶᠢᠨ ᠠᠮᠵᠢᠯᠲᠠ ᠤᠯᠬᠤ ᠶᠢ ᠠᠬᠢᠭᠤᠯᠬᠤ ᠬᠡᠷᠡᠭᠲᠡᠢ᠃      ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2