ᠵᠢᠨᠢᠩ ᠲᠣᠭᠤᠷᠢᠭ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢᠨ ᠬᠤᠷᠠᠯ ᠪᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/6/19
    6 ᠰᠠᠷ᠎ᠠ ᠶᠢᠨ 18 ᠤ ᠡᠳᠦᠷ᠂ ᠵᠢᠨᠢᠩ ᠲᠣᠭᠤᠷᠢᠭ ᠭᠠᠵᠢᠭᠤ ᠨᠣᠮᠯᠠᠯ ᠢ ᠡᠰᠡᠷᠭᠦᠴᠡᠬᠦ ᠮᠡᠳᠡᠯᠭᠡ ᠶᠢᠨ ᠬᠤᠷᠠᠯ ᠪᠠ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠡᠷᠭᠢᠯᠡᠵᠦ᠂ ᠦᠨᠳᠦᠰᠦᠨ ᠱᠠᠲᠤᠨ ᠤ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠨᠠᠷᠢᠯᠢᠬᠵᠢᠭᠤᠯᠬᠤ᠂ ᠵᠢᠷᠤᠮᠵᠢᠭᠤᠯᠬᠤ᠂ ᠲᠤᠰᠬᠠᠶᠢᠵᠢᠭᠤᠯᠬᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠭᠠᠵᠢᠭᠤ ᠨᠣᠮᠯᠠᠯ ᠢ ᠡᠰᠡᠷᠭᠦᠴᠡᠬᠦ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠪᠣᠳᠠᠲᠠᠶ ᠪᠣᠯᠪᠠᠰᠤᠷᠠᠯ ᠤᠨ ᠤᠷ᠎ᠠ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠤᠰᠬᠠᠶ ᠮᠡᠷᠭᠡᠵᠢᠯᠲᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠡᠮᠡᠭᠲᠡᠶ ᠭᠢᠨᠳᠠᠨ ᠤ ᠬᠤᠶᠠᠳᠤᠭᠠᠷ ᠳᠡᠰ ᠤᠨ ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ ᠰᠢᠶᠤᠤ ᠮᠧᠶ ᠪᠣᠯᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ  ᠤᠨ ᠲᠤᠰᠬᠠᠶ ᠮᠡᠷᠭᠡᠵᠢᠯᠲᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠭᠠᠵᠢᠭᠤ ᠨᠣᠮᠯᠠᠯ ᠢ ᠡᠰᠡᠷᠭᠦᠴᠡᠬᠦ ᠨᠡᠶᠢᠭᠡᠮᠯᠢᠭ ᠤᠨ ᠺᠠᠳ᠋ᠷ ᠸᠠᠩ ᠰᠦᠩ ᠳ᠋ᠢ ᠶᠢ ᠤᠷᠢᠵᠤ ᠂ ᠶᠠᠭᠤ ᠶᠢ ᠭᠠᠵᠢᠭᠤ ᠨᠣᠮᠯᠠᠯ᠂ ᠭᠠᠵᠢᠭᠤ ᠨᠣᠮᠯᠠᠯ ᠢ ᠡᠰᠡᠷᠭᠦᠴᠡᠬᠦ ᠣᠨᠴᠠᠯᠢᠭ᠂ ᠭᠠᠵᠢᠭᠤ ᠨᠣᠮᠯᠠᠯ ᠤᠨ ᠬᠤᠤᠷ ᠬᠥᠨᠥᠭᠡᠯ᠂ ᠦᠨᠳᠦᠰᠦᠨ ᠱᠠᠲᠤᠨ ᠤ ᠺᠠᠳ᠋ᠷ ᠴᠠᠭᠳᠠᠭ᠎ᠠ ᠨᠠᠷ ᠭᠠᠵᠢᠭᠤ ᠨᠣᠮᠯᠠᠯ ᠢ ᠡᠰᠡᠷᠭᠦᠴᠡᠬᠦ ᠲᠠᠯ᠎ᠠ ᠪᠠᠷ ᠠᠵᠢᠯ ᠤᠨ ᠲᠤᠷᠰᠢᠯᠭ᠎ᠠ ᠲᠠᠢ ᠪᠠᠨ ᠤᠶᠠᠯᠳᠤᠭᠤᠯᠤᠨ᠂ ᠠᠰᠠᠭᠤᠳᠠᠯ ᠢ ᠵᠠᠳᠠᠯᠵᠤ᠂ ᠬᠡᠷᠡᠭ ᠤᠨ ᠵᠢᠱᠢᠶ᠎ᠡ ᠶᠢ ᠵᠠᠳᠠᠯᠵᠤ᠂ ᠭᠠᠵᠢᠭᠤ ᠨᠣᠮᠯᠠᠯ ᠢ ᠡᠰᠡᠷᠭᠦᠴᠡᠬᠦ ᠠᠵᠢᠯ ᠤᠨ ᠳᠤᠮᠳᠠ ᠮᠡᠳᠡᠪᠡᠯ ᠵᠣᠬᠢᠬᠤ ᠲᠤᠬᠠᠶᠢᠯᠠᠭᠰᠠᠨ ᠠᠵᠢᠯ ᠤᠨ ᠮᠡᠳᠡᠯᠭᠡ ᠵᠢᠴᠢ ᠠᠵᠢᠯ ᠤᠨ ᠪᠣᠳᠠᠲᠤ ᠠᠵᠢᠯᠯᠠᠭᠠᠨ ᠤ ᠤᠷ᠎ᠠ ᠮᠡᠷᠭᠡᠵᠢᠯ ᠪᠣᠯᠤᠨ ᠠᠷᠭ᠎ᠠ ᠶᠢ ᠰᠤᠷᠤᠯᠴᠠᠨ ᠰᠣᠯᠢᠯᠴᠠᠵᠤ᠂ ᠬᠤᠶᠢᠰᠢᠳᠠ ᠶᠢᠨ ᠦᠨᠳᠦᠰᠦᠨ ᠱᠠᠲᠤᠨ ᠤ ᠺᠠᠳ᠋ᠷᠴᠤᠳ ᠤᠨ ᠭᠠᠵᠢᠭᠤ ᠨᠣᠮᠯᠠᠯ ᠢ ᠡᠰᠡᠷᠭᠦᠴᠡᠬᠦ ᠠᠵᠢᠯ ᠢ ᠥᠷᠨᠢᠭᠦᠯᠬᠦ ᠳᠤ ᠣᠨᠣᠯ ᠤᠨ ᠲᠤᠯᠭᠠᠭᠤᠷᠢᠯᠠᠯ ᠪᠠ ᠦᠢᠯᠡᠳᠦᠯᠭᠡ ᠶᠢᠨ ᠵᠢᠱᠢᠶ᠎ᠡ ᠦᠵᠡᠭᠦᠯᠪᠡ᠃ ᠭᠠᠵᠢᠭᠤ ᠨᠣᠮᠯᠠᠯ ᠢ ᠡᠰᠡᠷᠭᠦᠴᠡᠬᠦ ᠠᠵᠢᠯ ᠪᠣᠯ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠨᠢᠭᠡ ᠵᠦᠢᠯ ᠤᠨ ᠴᠢᠬᠤᠯᠠ ᠠᠵᠢᠯ ᠮᠥᠨ᠂ ᠲᠡᠷᠡ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠯᠪᠣᠭᠳᠠᠵᠤ ᠪᠠᠶᠢᠳᠠᠭ᠃ ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠠᠮᠵᠢᠭᠤᠯᠤᠨ᠂ ᠦᠨᠳᠦᠰᠦᠨ ᠱᠠᠲᠤᠨ ᠤ ᠺᠠᠳ᠋ᠷᠴᠤᠳ ᠤᠨ ᠭᠠᠵᠢᠭᠤ ᠨᠣᠮᠯᠠᠯ ᠤᠨ ᠬᠤᠤᠷ ᠬᠥᠨᠥᠭᠡᠯᠲᠦ ᠴᠢᠨᠠᠷ ᠪᠠ ᠭᠠᠵᠢᠭᠤ ᠨᠣᠮᠯᠠᠯ ᠢ ᠡᠰᠡᠷᠭᠦᠴᠡᠬᠦ ᠴᠢᠬᠤᠯᠠ ᠴᠢᠨᠠᠷ ᠤᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠤ ᠭᠠᠵᠢᠭᠤ ᠨᠣᠮᠯᠠᠯ ᠢ ᠢᠯᠭᠠᠨ ᠲᠠᠨᠢᠬᠤ᠂ ᠭᠠᠵᠢᠭᠤ ᠨᠣᠮᠯᠠᠯ ᠢ ᠡᠰᠡᠷᠭᠦᠴᠡᠬᠦ ᠦᠵᠡᠯ ᠤᠬᠠᠮᠰᠠᠷ ᠪᠠ ᠴᠢᠳᠠᠪᠤᠷᠢ ᠶᠢ ᠳᠡᠭᠡᠭᠰᠢᠯᠡᠭᠦᠯᠦᠨ᠂ ︽ᠴᠢᠬᠢᠨ ᠳᠤᠨᠢ ᠬᠠᠳᠠᠩᠰᠢᠭᠤᠯᠵᠤ᠂ ᠲᠠᠷᠢᠬᠢ ᠲᠣᠯᠣᠭᠠᠶ ᠳᠤ ᠬᠠᠳᠠᠩᠰᠢᠭᠤᠯᠵᠤ᠂ ᠰᠡᠳᠬᠢᠯ ᠵᠢᠷᠦᠬᠡᠨ ᠳᠤ ᠬᠠᠳᠠᠩᠰᠢᠭᠤᠯᠬᠤ︾ ᠵᠣᠷᠢᠯᠭ᠎ᠠ ᠳᠤ ᠬᠦᠷᠴᠦ᠂ ᠭᠠᠵᠢᠭᠤ ᠨᠣᠮᠯᠠᠯ ᠢ ᠡᠰᠡᠷᠭᠦᠴᠡᠬᠦ ᠭᠦᠨ ᠵᠤᠵᠠᠭᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠪᠠ᠃ᠪᠦᠬᠦ  ᠲᠤᠭᠤᠷᠢᠭ ᠤᠨ ᠦᠨᠳᠦᠰᠦᠨ ᠱᠠᠲᠤᠨ ᠤ ᠺᠠᠳ᠋ᠷ ︵ᠰᠦᠯᠵᠢᠶᠡᠨ ᠤ ᠠᠵᠢᠯᠲᠠᠨ︶ ᠪᠣᠯᠤᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ ᠪᠣᠯᠪᠠᠰᠤᠷᠠᠯ ᠳᠤ ᠣᠷᠣᠯᠴᠠᠪᠠ᠃            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2