ᠵᠢᠨᠢᠩ ᠲᠣᠭᠤᠷᠢᠭ ᠮᠡᠳᠡᠭᠡ ᠵᠠᠩᠭᠢ ᠨᠡᠶᠢᠲᠡᠯᠡᠬᠦ᠂ ᠬᠢᠨᠠᠨ ᠬᠠᠷᠭᠤᠭᠤᠯᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/6/20
705470.jpg
      6 ᠰᠠᠷ᠎ᠠ ᠶᠢᠨ 19᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠮᠡᠳᠡᠭᠡ ᠵᠠᠩᠭᠢ ᠨᠡᠶᠢᠲᠡᠯᠡᠬᠦ᠂ ᠬᠢᠨᠠᠨ ᠬᠠᠷᠭᠤᠭᠤᠯᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ ᠡᠷᠭᠢᠯᠡᠵᠦ᠂ ᠮᠡᠳᠡᠭᠡ ᠵᠠᠩᠭᠢ ᠨᠠᠶᠢᠷᠠᠭᠤᠯᠬᠤ᠂ ᠬᠢᠨᠠᠨ ᠬᠠᠷᠭᠤᠭᠤᠯᠬᠤ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢ ᠨᠡᠶᠢᠲᠡᠯᠡᠬᠦ ︽ᠭᠤᠷᠪᠠᠨ ᠬᠢᠨᠠᠯᠲᠠ︾᠎ ᠶᠢᠨ ᠲᠦᠷᠢᠮ ᠢ ᠵᠢᠷᠤᠮᠵᠢᠭᠤᠯᠤᠨ ᠨᠠᠶᠢᠳᠠᠪᠤᠷᠢᠵᠢᠭᠤᠯᠵᠤ᠂ ᠪᠥᠬᠦ ᠲᠤᠭᠤᠷᠢᠭ ᠤᠨ ᠡᠯ᠎ᠡ ᠨᠢᠭᠡᠴᠢ ᠶᠢᠨ ᠰᠣᠨᠢᠨ ᠮᠡᠳᠡᠭᠡ ᠮᠡᠳᠡᠭᠡ ᠵᠠᠩᠭᠢ ᠨᠡᠶᠢᠲᠡᠯᠡᠬᠦ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠦᠨᠡᠨ ᠬᠦ ᠠᠬᠢᠭᠤᠯᠪᠠ᠃        ᠪᠣᠯᠪᠠᠰᠤᠷᠠᠯ ᠳᠤ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠳᠡᠳ᠋ ᠶᠡᠷᠦᠩᠬᠡᠶ ᠨᠠᠶᠢᠷᠠᠭᠤᠯᠤᠭᠴᠢ᠂ ᠳᠡᠭᠡᠳᠦ ᠵᠡᠷᠭᠡ ᠶᠢᠨ ᠨᠠᠶᠢᠷᠠᠭᠤᠯᠤᠭᠴᠢ ᠤᠶᠤᠨᠬᠦᠦ  ᠶᠢ ᠤᠷᠢᠵᠤ ᠬᠢᠴᠢᠶᠡᠯ ᠣᠷᠣᠭᠤᠯᠪᠠ᠃ ᠤᠶᠤᠨᠬᠦᠦ ︽ᠸᠢᠴᠠᠲ ᠨᠡᠶᠢᠲᠡ ᠶᠢᠨ ᠳ᠋ᠤᠭᠠᠷ ᠤᠨ ᠠᠭᠤᠯᠭ᠎ᠠ ᠶᠢ ᠲᠠᠰ ᠬᠤᠪᠢᠶᠠᠨ ᠬᠢᠨᠠᠨ ᠬᠠᠷᠭᠤᠭᠤᠯᠬᠤ ᠳᠤᠮᠳᠠ ᠪᠠᠶᠢᠩᠭᠤ ᠲᠣᠬᠢᠶᠠᠯᠳᠤᠳᠠᠭ ᠠᠰᠠᠭᠤᠳᠠᠯ︾᠎ ᠢᠶᠠᠷ ᠰᠡᠳᠦᠪ ᠪᠣᠯᠭᠠᠵᠤ᠂ ᠠᠭᠤᠯᠭ᠎ᠠ ᠶᠢ ᠬᠢᠨᠠᠨ ᠬᠠᠷᠭᠤᠭᠤᠯᠬᠤ ᠶᠢᠨ ᠴᠢᠬᠤᠯᠠ ᠴᠢᠨᠠᠷ᠂ ᠶᠠᠭᠤ ᠶᠢ ᠬᠢᠨᠠᠨ ᠪᠠᠶᠢᠴᠠᠭᠠᠬᠤ᠂ ᠬᠡᠷᠬᠢᠨ ᠬᠢᠨᠠᠬᠤ ᠵᠡᠷᠭᠡ ᠭᠤᠷᠪᠠᠨ ᠲᠠᠯ᠎ᠠ ᠠᠴᠠ ᠲᠣᠰ ᠪᠡᠶ᠎ᠡ ᠶᠢᠨ ᠠᠵᠢᠯ ᠤᠨ ᠥᠩᠭᠡᠷᠡᠯᠲᠡ ᠪᠠ ᠵᠠᠭᠤᠴᠢᠯᠠᠭᠤᠷ ᠲᠠᠢ ᠤᠶᠠᠯᠳᠤᠭᠤᠯᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠬᠦᠷᠭᠡᠵᠦ᠂ ᠰᠣᠨᠢᠨ ᠮᠡᠳᠡᠭᠡᠨ ᠤ ᠮᠡᠳᠡᠭᠡ ᠵᠠᠩᠭᠢ ᠶᠢ ᠨᠡᠶᠢᠲᠡᠯᠡᠬᠦ ᠪᠠ ᠬᠢᠨᠠᠨ ᠬᠠᠷᠭᠤᠭᠤᠯᠬᠤ ᠠᠵᠢᠯ ᠤᠨ ᠳᠤᠮᠳᠠ ᠮᠡᠳᠡᠪᠡᠯ ᠵᠣᠬᠢᠬᠤ ᠬᠠᠮᠢᠶ᠎ᠠ ᠪᠥᠬᠦᠶ ᠮᠡᠳᠡᠯᠭᠡ ᠵᠢᠴᠢ ᠬᠢᠨᠠᠨ ᠬᠠᠷᠭᠤᠭᠤᠯᠬᠤ ᠮᠡᠷᠭᠡᠵᠢᠯ ᠪᠠ ᠠᠷᠭ᠎ᠠ ᠶᠢ ᠨᠠᠷᠢᠨ ᠲᠠᠶᠢᠯᠪᠤᠷᠢᠯᠠᠪᠠ᠃ ᠪᠦᠬᠦ᠋ᠢᠯᠡ ᠪᠣᠯᠪᠠᠰᠤᠷᠠᠯ ᠤᠨ  ᠵᠠᠩᠭᠢᠯᠭ᠎ᠠ ᠎ ᠨᠢ ᠲᠣᠳᠣᠷᠬᠠᠶ᠂ ᠠᠭᠤᠯᠭ᠎ᠠ ᠨᠢ ᠪᠠᠶᠠᠯᠢᠭ᠂ ᠤᠨᠤᠯ ᠤᠨ ᠦᠨᠳᠦᠷᠴᠡ ᠲᠠᠢ ᠮᠥᠷᠲᠡᠭᠡᠨ ᠦᠢᠯᠡᠳᠦᠯᠭᠡ ᠨᠢ ᠵᠤᠵᠠᠭᠠᠨ᠂ ᠮᠠᠰᠢ ᠴᠢᠩᠭ᠎ᠠ ᠵᠢᠯᠣᠭᠤᠳᠬᠤ ᠴᠢᠨᠠᠷ ᠪᠠ ᠬᠠᠨᠳᠤᠯᠭᠠᠲᠤ ᠴᠢᠨᠠᠷ ᠲᠠᠢ ᠪᠠᠶᠢᠵᠤ᠂ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠮᠠᠰᠢ ᠶᠡᠭᠡ ᠠᠰᠢᠭ ᠬᠦᠷᠲᠡᠪᠡ᠃       ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠮᠡᠳᠡᠭᠡ ᠵᠠᠩᠭᠢ ᠨᠡᠶᠢᠲᠡᠯᠡᠬᠦ᠂ ᠬᠢᠨᠠᠨ ᠬᠠᠷᠭᠤᠭᠤᠯᠬᠤ ᠠᠵᠢᠯᠲᠠᠨ ᠤ ᠤᠷ᠎ᠠ ᠴᠢᠳᠠᠪᠤᠷᠢ ᠶᠢᠨ ᠬᠢᠷᠢ ᠲᠦᠪᠰᠢᠨ ᠪᠠ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠠᠭᠤᠯᠭ᠎ᠠ ᠶᠢ ᠬᠢᠨᠠᠨ ᠬᠠᠷᠭᠤᠭᠤᠯᠬᠤ ᠪᠠ ᠠᠵᠢᠯᠯᠠᠭᠤᠯᠵᠤ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠂ ᠡᠯ᠎ᠡ ᠨᠢᠭᠡᠴᠢ ᠶᠢ ᠬᠥᠲᠥᠯᠦᠨ ᠵᠢᠯᠣᠭᠤᠳᠴᠤ ᠪᠠᠶᠢᠭᠠᠳ ᠵᠥᠪ ᠣᠨᠣᠪᠴᠢᠲᠠᠶ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠪᠠᠷᠢᠮᠲᠠᠯᠠᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠷᠡᠭᠦᠯ ᠪᠥᠭᠡᠳ ᠡᠮᠬᠢ ᠵᠢᠷᠤᠮ ᠲᠠᠢ ᠬᠥᠭᠵᠢᠬᠦ ᠶᠢ ᠠᠬᠢᠭᠤᠯᠵᠠᠢ᠃       ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠰᠢᠶᠠᠩ ᠪᠠᠯᠭᠠᠰᠤ ᠵᠡᠭᠡᠯᠢ ᠭᠤᠳᠤᠮᠵᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠤᠪᠢᠳᠠᠨ ᠬᠠᠮᠢᠶᠠᠷᠴᠤ ᠪᠠᠶᠢᠭ᠎ᠠ ᠮᠡᠳᠡᠭᠡ ᠵᠠᠩᠭᠢ ᠶᠢ ᠬᠢᠨᠠᠨ ᠬᠠᠷᠭᠤᠭᠤᠯᠬᠤ ᠬᠠᠷᠢᠭᠤᠴᠠᠯᠭᠠᠲᠠᠨ ᠪᠣᠯᠤᠨ ᠮᠡᠳᠡᠭᠡ ᠵᠠᠩᠭᠢ ᠨᠡᠶᠢᠲᠡᠯᠡᠬᠦ ᠠᠵᠢᠯᠲᠠᠨ ᠪᠣᠯᠪᠠᠰᠤᠷᠠᠯ ᠳᠤ ᠣᠷᠣᠯᠴᠠᠪᠠ᠃                  ᠨᠠᠶᠢᠷᠠᠭᠤᠯᠤᠭᠴᠢ᠄ ᠸᠠᠩ ᠵᠢᠩ ᠵᠢᠩ                  ᠵᠢᠷᠤᠭ᠄  ᠸᠠᠩ ᠵᠢᠩ ᠵᠢᠩ                  ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2