ᠵᠠᠩ ᠶᠦᠩ ᠸᠧᠨ ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/6/20
705470.jpg
    6 ᠰᠠᠷ᠎ᠠ ᠶᠢᠨ 19᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠠᠶᠢᠷ᠎ᠠ ᠬᠠᠯᠠᠮᠵᠢ ᠶᠢᠨ ᠢᠨᠵᠧᠨᠧᠷᠢᠩ ᠤᠨ ᠲᠦᠷᠦᠯ ᠵᠦᠢᠯ ᠢ ᠠᠬᠢᠭᠤᠯᠤᠭᠰᠠᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠡᠢ᠃     ᠵᠠᠩ ᠶᠦᠩ ᠸᠧᠨ ᠤᠷᠢᠳ ᠬᠤᠵᠢᠳ ᠬᠤᠲᠠ ᠬᠥᠳᠡᠭᠡ ᠶᠢᠨ ᠨᠢᠭᠡᠳᠦᠯᠲᠡᠢ ᠲᠥᠯᠥᠪᠵᠢᠭᠦᠯᠦᠨ ᠲᠤᠰᠠᠭᠠᠷᠯᠠᠬᠤ ᠦᠷᠳᠡᠭᠡ᠂ ᠤᠯᠠᠭᠠᠨ ᠵᠠᠮ ᠤᠨ ᠶᠡᠷᠦᠩᠬᠡᠶᠢᠯᠡᠭᠰᠡᠨ ᠬᠤᠭᠤᠯᠠᠢ ᠱᠤᠭᠤᠮ ᠢ ᠥᠭᠡᠷᠡᠴᠢᠯᠡᠬᠦ ᠲᠦᠷᠦᠯ ᠵᠦᠢᠯ᠂ ᠰᠢᠨ ᠳ᠋ᠧ ᠯᠧ ᠬᠠᠢ ᠢᠯᠴᠢ ᠬᠠᠩᠭᠠᠬᠤ ᠦᠷᠳᠡᠭᠡ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠦ᠂ ᠳᠤᠯᠠᠭᠠᠯᠠᠭ᠎ᠠ ᠶᠢᠨ ᠪᠠᠷᠢᠯᠭ᠎ᠠ ᠶᠢᠨ ᠲᠦᠷᠦᠯ ᠵᠦᠢᠯ ᠤᠨ ᠠᠬᠢᠴᠠ᠂ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠪᠠᠷᠢᠯᠭ᠎ᠠ ᠶᠢᠨ ᠠᠵᠢᠯ ᠤᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠣᠯᠤᠨ ᠬᠦᠴᠢᠷᠳᠡᠯ ᠢ ᠲᠤᠬᠠᠢ ᠶᠢᠨ ᠭᠠᠵᠠᠷ ᠲᠤᠨᠢ ᠵᠣᠬᠢᠴᠠᠭᠤᠯᠤᠨ ᠰᠢᠢᠳᠪᠦᠷᠢᠯᠡᠪᠡ᠃     ᠵᠠᠩ ᠶᠦᠩ ᠸᠧᠨ ᠴᠢᠬᠤᠯᠠᠴᠢᠯᠠᠭᠰᠠᠨ ᠨᠢ᠂ ᠬᠠᠶᠢᠷ᠎ᠠ ᠬᠠᠯᠠᠮᠵᠢ ᠶᠢᠨ  ᠢᠨᠵᠧᠨᠧᠷᠢᠩ  ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠂ ᠪᠦᠬᠦ ᠲᠤᠭᠤᠷᠢᠭ ᠢᠶᠠᠷ ᠢᠶᠠᠨ ᠡᠯ᠎ᠡ ᠵᠦᠢᠯ ᠤᠨ ᠢᠨᠵᠧᠨᠧᠷᠢᠩ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠴᠠᠭ ᠬᠤᠭᠤᠴᠠᠭ᠎ᠠ ᠶᠢ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠲᠤᠬᠢᠷᠠᠭᠤᠯᠵᠤ᠂ ᠤᠨᠢᠨ ᠳᠡᠭᠡᠷ᠎ᠡ ᠨᠢ ᠲᠤᠬᠢᠷᠠᠭᠤᠯᠵᠤ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠤᠯᠠᠨ ᠲᠦᠮᠡᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢᠨ ᠬᠡᠷᠡᠭᠴᠡᠭᠡ ᠶᠢ ᠪᠦᠲᠦᠮᠵᠢᠲᠡᠢ ᠪᠠᠲᠤᠯᠠᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠭᠠᠷᠳᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠣᠯᠤᠨ ᠬᠦᠴᠢᠷᠳᠡᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠠᠮᠢᠶ᠎ᠠ ᠪᠥᠬᠦᠶ ᠠᠵᠤ ᠠᠬᠤᠶᠢᠯᠠᠯ ᠤᠳ ᠢᠳᠡᠪᠬᠢᠲᠡᠶ ᠪᠠᠷ ᠠᠵᠢᠯ ᠶᠠᠪᠤᠳᠠᠯ ᠬᠢᠵᠦ᠂ ᠣᠷᠣᠭᠤᠯᠤᠯᠲᠠ ᠪᠠᠨ ᠨᠡᠮᠡᠭᠳᠡᠭᠦᠯᠦᠨ᠂ ᠪᠠᠷᠢᠯᠭ᠎ᠠ ᠶᠢᠨ ᠠᠵᠢᠯ ᠤᠨ ︽ᠰᠢᠵᠢᠷ ᠠᠯᠲᠠᠨ ᠬᠤᠭᠤᠴᠠᠭ᠎ᠠ︾᠎ ᠶᠢ ᠵᠠᠪᠳᠤᠨ ᠠᠳᠬᠤᠵᠤ᠂ ᠡᠯ᠎ᠡ ᠲᠥᠷᠥᠯ ᠵᠦᠢᠯ ᠤᠨ ᠲᠣᠭᠲᠠᠭᠰᠠᠨ ᠬᠤᠭᠤᠴᠠᠭᠠᠨ ᠳᠠᠭᠠᠨ ᠠᠵᠢᠯ ᠢᠶᠠᠨ ᠳᠠᠭᠤᠰᠬᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠵᠤ᠂ ᠪᠦᠳᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠶᠠᠰᠤ ᠴᠢᠨᠠᠷ ᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠎ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠦᠨᠡᠨᠬᠦ ᠰᠠᠶᠢᠲᠤᠷ ᠠᠳᠬᠤᠵᠤ᠂ ᠶᠠᠮᠠᠷ ᠴᠤ ᠠᠰᠠᠭᠤᠳᠠᠯ ᠭᠠᠷᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ᠯᠢ ᠺᠦᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃      ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2