| | 6 ᠰᠠᠷ᠎ᠠ ᠶᠢᠨ 19 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ | 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 10 ᠳ᠋ᠤᠭᠠᠷ ᠤᠳᠠᠭ᠎ᠠ ᠶᠢᠨ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ | ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ | ᠪᠣᠯᠤᠨ ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠬᠠᠮᠢᠶᠠᠷᠴᠤ ᠭᠤᠷᠪᠠᠨ ᠡᠷᠬᠡᠪᠰᠢ ᠭᠦᠢᠴᠡᠳᠬᠡᠬᠦ︾ ᠶᠢᠨ | ᠲᠣᠭᠲᠠᠭᠠᠯ ᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ | ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠲᠤᠭᠤᠷᠢᠭ ᠤᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ | ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ | ︽ᠵᠢᠨᠢᠩ ᠲᠣᠭᠤᠷᠢᠭ ᠤᠨ 2024 ᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ | ᠬᠡᠷᠡᠭᠵᠢᠭᠦᠯᠬᠦ ᠲᠥᠰᠦᠯ︾ ᠵᠡᠷᠭᠡ ᠶᠢ ᠰᠤᠳᠤᠯᠤᠨ ᠬᠢᠨᠠᠨ ᠵᠥᠪᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠶᠡᠭᠡ | ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠥᠨᠳᠥᠷ ᠪᠦᠲᠦᠮᠵᠢᠲᠡᠢ | ᠬᠡᠷᠡᠭᠵᠢᠭᠦᠯᠬᠦ ᠶᠢ ᠦᠨᠡᠨᠬᠦ ᠠᠬᠢᠭᠤᠯᠵᠤ᠂ ᠠᠭᠠᠷ ᠮᠠᠨᠳᠠᠯ᠂ ᠤᠰᠤᠨ ᠴᠣᠭᠴᠠ᠂ ᠬᠥᠷᠥᠰᠥ ᠰᠢᠷᠣᠢ ᠶᠢᠨ ᠪᠣᠬᠢᠷᠲᠤᠯ ᠢ | ᠦᠷᠭᠦᠯᠵᠢᠯᠡᠨ ᠠᠩᠬᠠᠷᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠬᠥᠭᠵᠢᠯᠲᠡ ᠶᠢᠨ ᠦᠵᠡᠯᠲᠡ ᠶᠢ ᠪᠠᠲᠤ ᠪᠤᠢ | ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠪᠤᠳᠤᠯ ᠪᠣᠯᠤᠨ ᠰᠤᠯᠠᠷᠠᠬᠤ ᠰᠡᠳᠬᠢᠯᠭᠡ ᠶᠢ | ᠡᠷᠡᠰ ᠲᠡᠪᠴᠢᠵᠦ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ | ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠬᠥᠳᠡᠯᠦᠩᠭᠦᠢ ᠪᠠᠷ ᠵᠢᠭᠰᠠᠭᠠᠨ ᠪᠠᠶᠢᠴᠠᠭᠠᠬᠤ᠂ ᠬᠥᠳᠡᠯᠦᠩᠭᠦᠢ ᠪᠠᠷ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ | ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ ᠠᠰᠠᠭᠤᠳᠠᠯ ᠢ ᠦᠨᠡᠨᠬᠦ | ᠨᠢᠭᠡᠳᠦᠭᠡᠷ ᠹᠷᠣᠨᠲ ᠲᠤ ᠢᠯᠡᠷᠡᠭᠦᠯᠵᠦ᠂ ᠭᠡᠮ ᠰᠣᠭᠤᠭ ᠢ ᠲᠤᠬᠠᠢ ᠶᠢᠨ ᠲᠠᠯᠠᠪᠠᠢ ᠳᠤ ᠠᠷᠢᠯᠭᠠᠬᠤ ᠬᠡᠷᠡᠭᠲᠡᠢ᠃ | ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠵᠦ᠂ 24 ᠴᠠᠭ ᠢᠶᠠᠷ | ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ | ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ︽ᠲᠦᠷᠪᠡ ᠶᠢ ᠤᠷᠢᠳᠴᠢᠯᠠᠨ ᠰᠡᠷᠭᠡᠶᠢᠯᠡᠬᠦ︾ | ᠴᠢᠳᠠᠪᠤᠷᠢ ᠶᠢ ᠳᠡᠭᠡᠭᠰᠢᠯᠡᠭᠦᠯᠵᠦ᠂ ᠭᠠᠮᠰᠢᠭ ᠤᠨ ᠪᠠᠶᠢᠳᠠᠯ ᠠᠶᠤᠯ ᠲᠦᠭᠰᠢᠭᠦᠷᠢ ᠡᠭᠦᠰᠪᠡᠯ᠂ ᠪᠠᠴᠢᠮ ᠪᠠᠶᠢᠳᠠᠯ ᠢ | ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠷ | ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ | ᠴᠢᠩᠭᠠᠳᠬᠠᠵᠤ᠂ ︽ᠦᠨᠡᠨᠴᠢ ᠢᠲᠡᠭᠡᠮᠵᠢ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ︾ ᠳᠠᠬᠢ | ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠ ᠡᠭᠦᠷᠭᠡ ᠶᠢᠨ ᠨᠠᠷᠢᠨ ᠲᠠᠩᠰᠠ ᠶᠣᠰᠣᠭᠠᠷ᠂ ᠠᠵᠢᠯ ᠤᠨ ᠡᠭᠦᠷᠭᠡ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠬᠢᠭᠤᠯᠵᠤ ᠪᠠᠶᠢᠭ᠎ᠠ ᠪᠠᠶᠢᠳᠠᠯ ᠢ ᠮᠥᠷᠳᠡᠨ | ᠳᠣᠭᠢᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠲᠦᠭᠵᠢᠷᠡᠯ ᠤᠨ ᠴᠡᠭ ᠡᠪᠡᠷᠰᠢᠶᠡᠯ ᠤᠨ | ᠠᠷᠭ᠎ᠠ ᠬᠡᠮᠵᠢᠶ᠎ᠡ ᠶᠢ ᠣᠨᠣᠪᠴᠢᠲᠠᠶ ᠡᠷᠢᠨ ᠣᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠪᠥᠬᠦ | ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ︽ᠵᠦᠭᠯᠡᠭᠦᠷ︾ ᠢ ᠬᠥᠲᠥᠯᠦᠨ ᠳᠠᠭᠠᠭᠤᠯᠵᠤ᠂ | ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ︽ | ᠦᠨᠡᠨᠴᠢ ᠢᠲᠡᠭᠡᠮᠵᠢ ᠲᠠᠢ ᠵᠢᠨᠢᠩ︾ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠬᠦ ᠬᠡᠷᠡᠭᠲᠡᠶ᠃ | ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠰᠢᠨ᠎ᠡ ᠠᠶᠠᠨ ᠤ ᠦᠵᠡᠯ ᠰᠠᠨᠠᠭ᠎ᠠ ᠤᠯᠤᠰ | ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠶᠢ ᠪᠠᠲᠤ ᠡᠵᠡᠮᠳᠡᠵᠦ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠨᠠᠮ ᠤᠨ ᠰᠢᠨ᠎ᠡ ᠶᠢ | ᠡᠭᠦᠳᠬᠦ ᠤᠨᠤᠯ ᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ | ᠲᠣᠯᠣᠭᠠᠶ ᠳᠤ ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠪᠠᠭᠰᠢ ᠰᠤᠷᠤᠭᠴᠢᠳ ᠢ | ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾ ᠶᠢᠨ ᠰᠢᠢᠳᠪᠦᠷᠢᠯᠡᠭᠴᠢ | ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ | ᠬᠡᠷᠡᠭᠲᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠤᠷᠴᠢᠭᠤᠯᠤᠭᠴᠢ᠄ ᠲᠤᠶᠠᠭ᠎ᠠ | |