ᠵᠢᠨᠢᠩ ᠲᠣᠭᠤᠷᠢᠭ ᠤᠨ ᠵᠠᠰᠠᠭ ᠤᠨ ᠣᠷᠳᠣᠨ 2024 ᠣᠨ ᠤ 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/20
    6 ᠰᠠᠷ᠎ᠠ ᠶᠢᠨ 19᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠺᠠᠩ ᠬᠠᠢ ᠷᠦᠢ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠪᠣᠯᠤᠨ ᠥᠪᠡᠷᠲᠡᠭᠡᠨ ᠵᠠᠰᠠᠬᠤ ᠣᠷᠣᠨ ᠤ ︽ᠭᠤᠷᠪᠠ ᠶᠢ ᠬᠠᠮᠢᠶᠠᠷᠴᠤ ᠭᠤᠷᠪᠠᠨ ᠡᠷᠬᠡᠪᠰᠢ ᠭᠦᠢᠴᠡᠳᠬᠡᠬᠦ︾᠎ ᠶᠢᠨ ᠲᠣᠭᠲᠠᠭᠠᠯ ᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ 2024 ᠣᠨ ᠤ ᠳᠡᠭᠡᠷ᠎ᠡ ᠬᠠᠭᠠᠰ ᠵᠢᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠲᠤᠭᠤᠷᠢᠭ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠪᠠ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠢᠨᠢᠩ ᠲᠣᠭᠤᠷᠢᠭ ᠤᠨ 2024 ᠣᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠬᠡᠷᠡᠭᠵᠢᠭᠦᠯᠬᠦ ᠲᠥᠰᠦᠯ︾ ᠵᠡᠷᠭᠡ ᠶᠢ ᠰᠤᠳᠤᠯᠤᠨ ᠬᠢᠨᠠᠨ ᠵᠥᠪᠯᠡᠪᠡ᠃    ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ  ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ  ᠬᠢᠨᠠᠮᠠᠭᠠᠢ ᠨᠠᠶᠢᠳᠠᠪᠤᠷᠢᠵᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠥᠨᠳᠥᠷ ᠪᠦᠲᠦᠮᠵᠢᠲᠡᠢ ᠬᠡᠷᠡᠭᠵᠢᠭᠦᠯᠬᠦ ᠶᠢ ᠦᠨᠡᠨᠬᠦ ᠠᠬᠢᠭᠤᠯᠵᠤ᠂ ᠠᠭᠠᠷ ᠮᠠᠨᠳᠠᠯ᠂ ᠤᠰᠤᠨ ᠴᠣᠭᠴᠠ᠂ ᠬᠥᠷᠥᠰᠥ ᠰᠢᠷᠣᠢ ᠶᠢᠨ ᠪᠣᠬᠢᠷᠲᠤᠯ ᠢ ᠦᠷᠭᠦᠯᠵᠢᠯᠡᠨ ᠠᠩᠬᠠᠷᠴᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃    ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠬᠥᠭᠵᠢᠯᠲᠡ ᠶᠢᠨ ᠦᠵᠡᠯᠲᠡ ᠶᠢ ᠪᠠᠲᠤ ᠪᠤᠢ ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ ᠢ ᠡᠷᠢᠬᠦ ᠪᠤᠳᠤᠯ ᠪᠣᠯᠤᠨ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠣᠰᠣᠭᠠᠷ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠳᠡᠯᠦᠩᠭᠦᠢ ᠪᠠᠷ ᠵᠢᠭᠰᠠᠭᠠᠨ ᠪᠠᠶᠢᠴᠠᠭᠠᠬᠤ᠂ ᠬᠥᠳᠡᠯᠦᠩᠭᠦᠢ ᠪᠠᠷ ᠴᠡᠭᠴᠡᠯᠡᠨ ᠰᠠᠶᠢᠵᠢᠷᠠᠭᠤᠯᠬᠤ ᠶᠢ ᠭᠦᠨᠵᠡᠭᠡᠢ ᠥᠷᠨᠢᠭᠦᠯᠵᠦ᠂ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠪᠦᠷᠢᠯᠡᠵᠦ᠂ ᠠᠰᠠᠭᠤᠳᠠᠯ ᠢ ᠦᠨᠡᠨᠬᠦ ᠨᠢᠭᠡᠳᠦᠭᠡᠷ ᠹᠷᠣᠨᠲ ᠲᠤ ᠢᠯᠡᠷᠡᠭᠦᠯᠵᠦ᠂ ᠭᠡᠮ ᠰᠣᠭᠤᠭ ᠢ ᠲᠤᠬᠠᠢ ᠶᠢᠨ ᠲᠠᠯᠠᠪᠠᠢ ᠳᠤ ᠠᠷᠢᠯᠭᠠᠬᠤ ᠬᠡᠷᠡᠭᠲᠡᠢ᠃ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠠᠬᠤ ᠰᠠᠨᠠᠭᠠᠴᠢᠯᠠᠭᠠᠲᠤ ᠳᠠᠶᠢᠨ ᠢ ᠰᠠᠶᠢᠲᠤᠷ ᠬᠢᠵᠦ᠂ 24 ᠴᠠᠭ ᠢᠶᠠᠷ ᠵᠢᠵᠢᠭᠦᠷᠯᠡᠬᠦ ᠪᠠ ᠤᠳᠤᠷᠢᠳᠤᠯᠭ᠎ᠠ ᠳᠠᠭᠠᠭᠤᠯᠤᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠷᠢᠳᠴᠢᠯᠠᠨ ᠮᠡᠳᠡᠭᠡᠯᠡᠬᠦ᠂ ᠤᠷᠢᠳᠴᠢᠯᠠᠨ ᠰᠡᠷᠡᠮᠵᠢᠯᠡᠭᠦᠯᠬᠦ᠂ ︽ᠲᠦᠷᠪᠡ ᠶᠢ ᠤᠷᠢᠳᠴᠢᠯᠠᠨ ᠰᠡᠷᠭᠡᠶᠢᠯᠡᠬᠦ︾ ᠴᠢᠳᠠᠪᠤᠷᠢ ᠶᠢ ᠳᠡᠭᠡᠭᠰᠢᠯᠡᠭᠦᠯᠵᠦ᠂ ᠭᠠᠮᠰᠢᠭ ᠤᠨ ᠪᠠᠶᠢᠳᠠᠯ ᠠᠶᠤᠯ ᠲᠦᠭᠰᠢᠭᠦᠷᠢ ᠡᠭᠦᠰᠪᠡᠯ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠢ ᠰᠢᠨᠵᠢᠯᠡᠬᠦ ᠤᠬᠠᠭᠠᠨᠴᠢ ᠪᠥᠭᠡᠳ ᠥᠨᠳᠥᠷ ᠪᠦᠲᠦᠮᠵᠢᠲᠡᠶ ᠪᠠᠷ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃    ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠦᠨᠡᠨᠴᠢ ᠢᠲᠡᠭᠡᠮᠵᠢ ᠶᠢᠨ ᠢᠨᠵᠧᠨᠧᠷᠢᠩ ᠢ ᠬᠡᠷᠡᠭᠵᠢᠭᠦᠯᠬᠦ ᠲᠥᠰᠦᠯ︾᠎ ᠳᠠᠬᠢ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠪᠠ ᠡᠭᠦᠷᠭᠡ ᠶᠢᠨ ᠨᠠᠷᠢᠨ ᠲᠠᠩᠰᠠ ᠶᠣᠰᠣᠭᠠᠷ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠬᠢᠭᠤᠯᠵᠤ ᠪᠠᠶᠢᠭ᠎ᠠ ᠪᠠᠶᠢᠳᠠᠯ ᠢ ᠮᠥᠷᠳᠡᠨ ᠳᠣᠭᠢᠷᠠᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠲᠦᠭᠵᠢᠷᠡᠯ ᠤᠨ ᠴᠡᠭ ᠡᠪᠡᠷᠰᠢᠶᠡᠯ ᠤᠨ ᠠᠷᠭ᠎ᠠ ᠬᠡᠮᠵᠢᠶ᠎ᠡ ᠶᠢ ᠣᠨᠣᠪᠴᠢᠲᠠᠶ ᠡᠷᠢᠨ ᠣᠯᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠪᠥᠬᠦ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ︽ᠵᠦᠭᠯᠡᠭᠦᠷ︾᠎ ᠢ ᠬᠥᠲᠥᠯᠦᠨ ᠳᠠᠭᠠᠭᠤᠯᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠵᠦ᠂ ︽ᠦᠨᠡᠨᠴᠢ ᠢᠲᠡᠭᠡᠮᠵᠢ ᠲᠠᠢ ᠵᠢᠨᠢᠩ︾ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠬᠦ ᠬᠡᠷᠡᠭᠲᠡᠶ᠃        ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠠᠭ ᠦᠶ᠎ᠡ ᠰᠢᠨ᠎ᠡ ᠠᠶᠠᠨ ᠤ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠪᠠᠶᠢᠭᠤᠯᠤᠯᠲᠠ ᠶᠢᠨ ᠰᠢᠨ᠎ᠡ ᠪᠠᠶᠢᠳᠠᠯ ᠰᠢᠨ᠎ᠡ ᠡᠭᠦᠷᠭᠡ ᠶᠢ ᠪᠠᠲᠤ ᠡᠵᠡᠮᠳᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠦᠭ ᠰᠦᠨᠡᠰᠦ ᠶᠢ ᠱᠤᠭᠤᠵᠤ ᠬᠥᠮᠦᠨ ᠢ ᠬᠥᠮᠦᠵᠢᠭᠦᠯᠬᠦ ᠶᠢ ᠪᠠᠷᠢᠮᠲᠠᠯᠠᠵᠤ᠂ ᠨᠠᠮ ᠤᠨ ᠰᠢᠨ᠎ᠡ ᠶᠢ ᠡᠭᠦᠳᠬᠦ ᠤᠨᠤᠯ ᠢ ᠵᠢᠭᠠᠬᠤ ᠮᠠᠲ᠋ᠧᠷᠢᠶᠠᠯ ᠳᠤ ᠣᠷᠣᠭᠤᠯᠬᠤ᠂ ᠬᠢᠴᠢᠶᠡᠯ ᠤᠨ ᠲᠠᠩᠬᠢᠮ ᠳᠤ ᠣᠷᠣᠭᠤᠯᠬᠤ᠂ ᠲᠠᠷᠢᠬᠢ ᠲᠣᠯᠣᠭᠠᠶ ᠳᠤ ᠣᠷᠣᠭᠤᠯᠬᠤ ᠶᠢ ᠦᠷᠭᠦᠯᠵᠢᠯᠡᠨ ᠠᠬᠢᠭᠤᠯᠵᠤ᠂ ᠥᠷᠭᠡᠨ ᠤᠯᠠᠨ ᠪᠠᠭᠰᠢ ᠰᠤᠷᠤᠭᠴᠢᠳ ᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ︽ᠬᠤᠶᠠᠷ ᠢ ᠲᠣᠭᠲᠠᠭᠠᠬᠤ︾᠎ ᠶᠢᠨ ᠰᠢᠢᠳᠪᠦᠷᠢᠯᠡᠭᠴᠢ ᠴᠢᠨᠠᠷᠲᠠᠢ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠭᠤᠯᠵᠤ᠂ ︽ᠬᠤᠶᠠᠷ ᠢ ᠬᠠᠮᠠᠭᠠᠯᠠᠬᠤ︾᠎ ᠶᠢ  ᠪᠡᠶᠡᠯᠡᠭᠦᠯᠬᠦ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2