ᠵᠠᠩ ᠶᠦᠩ ᠸᠧᠨ ᠰᠠᠬᠢᠯᠭ᠎ᠠ ᠪᠠᠲᠤ  ᠶᠢᠨ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/6/24
705470.jpg
    6 ᠰᠠᠷ᠎ᠠ ᠶᠢᠨ 21᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ︽ᠰᠡᠳᠬᠢᠯ ᠳᠠᠬᠢ ᠰᠡᠷᠡᠮᠵᠢ ᠪᠠᠨ ᠪᠠᠲᠤᠳᠬᠠᠵᠤ᠂ ︿ᠵᠢᠷᠭᠤᠭᠠᠨ ᠰᠠᠬᠢᠯᠭ᠎ᠠ ᠪᠠᠲᠤ﹀᠎ ᠶᠢ ᠬᠢᠴᠢᠶᠡᠩᠭᠦ᠋ᠢᠯᠡᠨ ᠰᠠᠬᠢᠵᠤ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠰᠠᠬᠢᠬᠤ᠂ ᠰᠠᠬᠢᠯᠭ᠎ᠠ ᠪᠠᠲᠤ ᠶᠢ ᠵᠢᠷᠤᠮᠯᠠᠬᠤ ᠬᠢᠷᠢ ᠲᠡᠩᠴᠡᠭᠰᠡᠨ ᠨᠠᠮ ᠤᠨ ᠭᠡᠰᠢᠭᠦᠨ  ᠪᠤᠯᠤᠶ᠎ᠠ︾ ᠭᠡᠬᠦ ᠰᠡᠳᠦᠪ ᠢᠶᠠᠷ ᠪᠦᠬᠦ ᠲᠤᠭᠤᠷᠢᠭ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠣᠷᠣᠪᠠ᠃`    ᠵᠠᠩ ᠶᠦᠩ ᠸᠧᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾᠎ ᠨᠢ 3 ᠨᠠᠶᠢᠷᠠᠭᠯᠠᠯ᠂ 158 ᠵᠦᠢᠯ ᠤᠨ ᠲᠣᠭᠲᠠᠭᠠᠯ ᠤᠨ ᠠᠭᠤᠯᠭ᠎ᠠ ᠶᠢᠨ ᠲᠣᠭᠤᠷᠢᠨ ᠳᠤ᠂  ᠪᠥᠬᠦ ᠲᠤᠭᠤᠷᠢᠭ ᠤᠨ  ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠭᠦᠨᠵᠡᠭᠡᠶ ᠲᠠᠶᠢᠯᠤᠮᠵᠢ ᠬᠢᠵᠦ᠂ ᠪᠥᠬᠦ  ᠲᠤᠭᠤᠷᠢᠭ ᠤᠨ  ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾᠎ ᠶᠢᠨ ᠭᠤᠤᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠵᠦ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠲᠣᠳᠣᠷᠬᠠᠶ ᠡᠵᠡᠮᠰᠢᠵᠦ᠂ ᠶᠠᠭᠤ ᠬᠢᠵᠦ ᠳᠡᠶᠢᠯᠬᠦ᠂ ᠶᠠᠭᠤ ᠬᠢᠵᠦ ᠪᠣᠯᠬᠤ ᠥᠬᠡᠶ ᠵᠡᠷᠭᠡ ᠰᠠᠬᠢᠯᠭ᠎ᠠ ᠪᠠᠲᠤ ᠶᠢᠨ ᠬᠢᠵᠠᠭᠠᠷᠯᠠᠯ ᠳᠣᠤᠷ᠎ᠠ ᠠᠵᠢᠯᠯᠠᠵᠤ ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠦᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃    ᠵᠠᠩ ᠶᠦᠩ ᠸᠧᠨ ᠱᠠᠭᠠᠷᠳᠠᠭᠰᠠᠨ ᠨᠢ ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠣᠳᠣᠬᠠᠨ ᠤ ᠨᠢᠭᠡᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠮᠥᠨᠴᠦ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠵᠠᠯᠠᠷᠠᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢ ᠦᠨᠡᠨ ᠬᠦ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠶᠠᠪᠤᠴᠠ ᠶᠢ ᠦᠨᠡᠨ ᠬᠦ ᠰᠠᠬᠢᠯᠭ᠎ᠠ ᠪᠠᠲᠤ ᠶᠢᠨ ᠤᠬᠠᠮᠰᠠᠷ ᠢᠶᠠᠨ ᠴᠢᠩᠭᠠᠳᠬᠠᠬᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠬᠦ ᠶᠠᠪᠤᠴᠠ ᠪᠣᠯᠭᠠᠬᠤ ᠬᠡᠷᠡᠭᠲᠡᠢ᠃    ᠵᠠᠩ ᠶᠦᠩ ᠸᠧᠨ ᠴᠢᠬᠤᠯᠠᠴᠢᠯᠠᠭᠰᠠᠨ ᠨᠢ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠠᠯᠬᠤᠮ ᠠᠯᠬᠤᠮ ᠢᠶᠠᠷ ᠭᠦᠨᠵᠡᠭᠡᠢ ᠡᠵᠡᠮᠰᠢᠵᠦ᠂ ᠨᠠᠮ ᠤᠨ ᠰᠠᠬᠢᠯᠭ᠎ᠠ ᠪᠠᠲᠤ ᠭᠡᠬᠦ ᠡᠨᠡᠬᠦ ︽ᠵᠠᠪᠠᠯ ᠰᠤᠷᠬᠤ ᠬᠢᠴᠢᠶᠡᠯ︾᠎ ᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ᠂ ᠤᠯᠤᠰ ᠲᠦᠷᠦ ᠶᠢᠨ ᠢᠲᠡᠭᠡᠯ ᠪᠢᠰᠢᠷᠡᠯ ᠢ ᠪᠠᠲᠤᠳᠬᠠᠵᠤ᠂ ᠵᠣᠭᠰᠣᠯᠲᠠ ᠶᠢᠨ ᠴᠢᠭᠯᠡᠯ ᠢ ᠡᠵᠡᠮᠳᠡᠵᠦ᠂ ᠳᠦᠷᠢᠮ ᠲᠣᠭᠲᠠᠭᠠᠯ ᠢ ᠵᠢᠷᠤᠮᠯᠠᠨ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠵᠤ᠂ ᠠᠵᠢᠯ ᠬᠢᠬᠦ ᠴᠢᠳᠠᠪᠤᠷᠢ ᠪᠠᠨ ᠳᠡᠭᠡᠭᠰᠢᠯᠡᠭᠦᠯᠵᠦ᠂ ᠰᠠᠬᠢᠯᠭ᠎ᠠ ᠪᠠᠲᠤ ᠶᠢ ᠨᠠᠮ ᠤᠨ ᠭᠡᠰᠢᠭᠦᠨ ᠺᠠᠳ᠋ᠷᠴᠤᠳ ᠤᠨ ᠡᠳᠦᠷ ᠲᠤᠳᠤᠮ ᠤᠨ ᠠᠮᠢᠳᠤᠷᠠᠯ ᠳᠤ ᠠᠭᠤᠰᠤᠯᠴᠠᠭᠤᠯᠬᠤ ᠬᠡᠷᠡᠭᠲᠡᠢ᠃ ︽ᠰᠤᠷᠤᠯᠴᠠᠬᠤ ᠴᠢᠳᠠᠪᠤᠷᠢ ︾᠎ ᠪᠠᠨ ᠳᠡᠭᠡᠭᠰᠢᠯᠡᠭᠦᠯᠵᠦ᠂ ︽ᠨᠠᠰᠤᠨ ᠲᠤᠷᠰᠢᠳᠠ ᠰᠤᠷᠤᠯᠴᠠᠬᠤ︾ ᠣᠶᠢᠯᠠᠭᠠᠭᠳᠠᠬᠤᠨ ᠢ ᠪᠣᠶ ᠪᠣᠯᠭᠠᠵᠤ᠂ ︽ᠬᠤᠭᠤᠰᠣᠨ ᠬᠤᠨᠳᠠᠭ᠎ᠠ︾᠎ ᠶᠢ ᠪᠠᠲᠤᠯᠠᠵᠤ᠂ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠰᠢᠨ᠎ᠡ ᠬᠠᠷᠠᠭ᠎ᠠ ᠪᠠᠨ ᠲᠠᠰᠤᠷᠠᠯᠲᠠ ᠥᠬᠡᠶ ᠥᠷᠭᠡᠳᠬᠡᠬᠦ ᠬᠡᠷᠡᠭᠲᠡᠶ᠃ ᠰᠠᠬᠢᠯᠭ᠎ᠠ ᠪᠠᠲᠤ ᠶᠣᠰᠣ ᠲᠦᠷᠢᠮ ᠢ ᠴᠢᠩᠭ᠎ᠠ ᠰᠠᠬᠢᠵᠤ᠂ ᠤᠬᠠᠮᠰᠠᠷ ᠠᠴᠠ ᠪᠠᠨ ᠨᠡᠶᠢᠭᠡᠮ ᠤᠨ ᠬᠠᠷᠢᠯᠴᠠᠭᠠᠨ ᠤ ᠬᠦᠷᠢᠶ᠎ᠡ᠂ ᠠᠮᠢᠳᠤᠷᠠᠯ ᠤᠨ ᠬᠦᠷᠢᠶ᠎ᠡ᠂ ᠨᠠᠶᠢᠵᠠ ᠶᠢᠨ ᠬᠦᠷᠢᠶ᠎ᠡ ᠪᠠᠨ ᠴᠡᠪᠡᠷᠰᠢᠭᠦᠯᠵᠦ᠂ ᠨᠠᠮ ᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾᠎ ᠶᠢ ᠴᠢᠩᠭ᠎ᠠ ᠵᠢᠷᠤᠮᠯᠠᠵᠤ᠂ ᠡᠭᠦᠷᠭᠡ ᠬᠠᠷᠢᠭᠤᠴᠠᠯᠭ᠎ᠠ ᠪᠠᠨ ᠰᠡᠳᠬᠢᠯ ᠲᠠᠯᠪᠢᠨ ᠭᠦᠢᠴᠡᠳᠬᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠤᠷ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ᠬᠤᠶᠠᠷ ᠲᠠᠯ᠎ᠠ ᠶᠢ ᠠᠳᠬᠤᠵᠤ ᠂ ᠬᠤᠶᠠᠷ ᠢ ᠠᠬᠢᠭᠤᠯᠬᠤ ᠶᠢ ᠪᠠᠷᠢᠮᠲᠠᠯᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾᠎ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠡᠭᠦᠷᠭᠡᠯᠡᠯ ᠢᠶᠠᠨ ᠴᠢᠩᠭᠠᠳᠬᠠᠵᠤ᠂ ᠲᠠᠩᠰᠠ ᠲᠤᠰᠢᠶᠠᠬᠤ ᠶᠢ ᠪᠠᠲᠤᠯᠠᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠲᠦᠢᠯ ᠤᠨ ᠬᠠᠷᠢᠭᠤᠴᠠᠯᠭ᠎ᠠ ᠲᠠᠢ ᠣᠪᠣᠷ ᠪᠣᠯᠤᠨ ᠰᠢᠷᠭᠠᠭᠤ ᠠᠵᠢᠯᠯᠠᠵᠤ ᠪᠣᠳᠠᠲᠠᠢ ᠠᠵᠢᠯᠯᠠᠬᠤ ᠡᠷᠴᠢ ᠵᠣᠷᠢᠭ ᠢᠶᠠᠷ ᠠᠵᠢᠯ ᠤᠨ ᠰᠤᠷᠲᠠᠯ ᠢᠶᠠᠨ ᠬᠤᠪᠢᠷᠠᠭᠤᠯᠵᠤ᠂ ᠠᠰᠠᠭᠤᠳᠠᠯ ᠢ ᠦᠨᠡᠨ ᠬᠦ ᠰᠠᠶᠢᠲᠤᠷ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢ ᠲᠦᠷᠭᠡᠨ ᠦᠷ᠎ᠡ ᠪᠦᠲᠦᠮᠵᠢ ᠲᠠᠢ ᠪᠣᠯᠭᠠᠬᠤ ᠶᠢ ᠠᠬᠢᠭᠤᠯᠬᠤ ᠬᠡᠷᠡᠭᠲᠡᠢ᠃    ᠬᠤᠷᠠᠯ ᠳᠡᠭᠡᠷ᠎ᠡ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠠᠩ ᠱᠧᠩ ᠵᠢᠶᠠᠩ ᠰᠠᠬᠢᠯᠭ᠎ᠠ ᠪᠠᠲᠤ ᠶᠢ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠪᠠ ᠰᠠᠬᠢᠯᠭ᠎ᠠ ᠪᠠᠲᠤ ᠶᠢ ᠬᠢᠨᠠᠨ ᠪᠠᠶᠢᠴᠠᠭᠠᠭᠰᠠᠨ ᠠᠵᠢᠯ ᠤᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠵᠠᠳᠠᠯᠤᠯᠲᠠ ᠬᠢᠵᠡᠶ᠃    ᠲᠣᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠲᠣᠭᠤᠷᠢᠭ ᠤᠨ ᠱᠠᠲᠤᠨ ᠤ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠨᠥᠬᠦᠳ᠂ ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂  ᠨᠢᠭᠡᠴᠢ ᠵᠢᠴᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠣᠷᠣᠯᠴᠠᠪᠠ᠃    ᠨᠠᠶᠢᠷᠠᠭᠤᠯᠤᠭᠴᠢ: ᠸᠠᠩ ᠵᠢᠩ ᠵᠢᠩ᠂ ᠴᠢᠶᠤᠤ ᠮᠢᠨ ᠮᠢᠨ    ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2