︽ᠤᠨᠲᠠᠯᠭ᠎ᠠ︾᠎ ᠳᠤ ᠬᠤᠯᠪᠤᠭᠳᠠᠬᠤ ᠠᠩᠬᠠᠷᠤᠭᠤᠰᠢᠲᠠᠢ ᠵᠦᠢᠯ : ᠡᠳᠡᠭᠡᠷ ᠪᠠᠶᠢᠷᠢ ᠶᠢᠨ ᠠᠮᠤᠷ ᠲᠦᠪᠰᠢᠨ ᠳᠤ ᠬᠤᠯᠪᠤᠭᠳᠠᠬᠤ ᠠᠩᠬᠠᠷᠬᠤ ᠵᠦᠢᠯ ᠢ ᠡᠷᠬᠡᠪᠰᠢ ᠪᠠᠲᠤ ᠴᠡᠭᠡᠵᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/6/25
     ᠰᠤᠷᠭᠠᠭᠤᠯᠢ ᠡᠬᠢᠯᠡᠬᠦ ᠪᠣᠯᠤᠯ᠎ᠠ᠂ ᠰᠤᠷᠤᠭᠴᠢᠳ ᠵᠠᠯᠭᠠᠭ᠎ᠠ ᠪᠠᠷ ᠰᠤᠷᠭᠠᠭᠤᠯᠢ ᠳᠤ ᠪᠠᠨ ᠪᠤᠴᠠᠵᠠᠭᠠᠨ᠎ᠠ᠃ ᠪᠠᠶᠢᠷᠢ ᠶᠢᠨ ᠭᠡᠷ ᠤᠨ ᠴᠠᠬᠢᠯᠭᠠᠨ ᠬᠡᠷᠡᠭᠯᠡᠬᠦ ᠠᠮᠤᠷ ᠲᠦᠪᠰᠢᠨ ᠢ ᠴᠢᠩᠭᠠᠳᠬᠠᠵᠤ᠂ ᠬᠤᠯᠪᠣᠭᠳᠠᠯ ᠪᠦᠬᠦᠢ ᠠᠮᠤᠷ ᠲᠦᠪᠰᠢᠨ ᠤ ᠮᠡᠳᠡᠯᠭᠡ ᠶᠢ ᠣᠶᠢᠯᠠᠭᠠᠬᠤ ᠨᠢ ᠰᠤᠷᠭᠠᠭᠤᠯᠢ ᠶᠢᠨ ᠬᠦᠷᠢᠶᠡᠨ ᠤ ᠭᠠᠯ ᠤᠨ ᠠᠶᠤᠯ ᠢ ᠰᠡᠷᠭᠡᠶᠢᠯᠡᠬᠦ᠂ ᠰᠤᠷᠤᠭᠴᠢᠳ ᠤᠨ ᠪᠡᠶ᠎ᠡ ᠶᠢᠨ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠳᠤ ᠲᠦᠢᠯ ᠤᠨ ᠴᠢᠬᠤᠯᠠ ᠦᠢᠯᠡᠳᠦᠯ ᠲᠠᠢ ᠶᠤᠮ᠃ ᠬᠠᠮᠲᠤ ᠳᠤ ᠪᠠᠨ ᠪᠠᠶᠢᠷᠢ ᠶᠢᠨ ᠠᠮᠤᠷ ᠲᠦᠪᠰᠢᠨ ᠳᠤ ᠬᠤᠯᠪᠤᠭᠳᠠᠬᠤ ᠠᠩᠬᠠᠷᠬᠤ ᠵᠦᠢᠯ ᠢ ᠰᠤᠷᠤᠯᠴᠠᠵᠠᠭᠠᠶ᠎ᠠ᠃  ᠨᠢᠭᠡ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠲᠦᠪᠰᠢᠨ     1. ᠲᠣᠭᠲᠠᠭᠠᠯ ᠠᠴᠠ ᠵᠥᠷᠢᠴᠡᠭᠰᠡᠨ ᠴᠠᠬᠢᠯᠭᠠᠨ ᠬᠡᠷᠡᠭᠰᠡᠯ ᠢ ᠬᠡᠷᠡᠭᠯᠡᠬᠦ ᠦᠭᠡᠢ᠃ ᠲᠣᠭᠲᠠᠭᠠᠯ ᠠᠴᠠ ᠵᠥᠷᠢᠴᠡᠭᠰᠡᠨ ᠴᠠᠬᠢᠯᠭᠠᠨ ᠬᠡᠷᠡᠭᠰᠡᠯ ᠪᠣᠯ ᠰᠤᠷᠤᠭᠴᠢ ᠶᠢᠨ ᠪᠠᠶᠢᠷᠢ ᠳᠤ ᠭᠠᠯ ᠤᠨ ᠠᠶᠤᠯ ᠡᠭᠦᠰᠭᠡᠬᠦ ᠲᠡᠷᠢᠭᠦᠨ ᠴᠢᠬᠤᠯᠠ ᠳᠠᠯᠳᠠ ᠭᠡᠮ ᠪᠣᠯᠤᠨ᠎ᠠ᠃ ᠲᠣᠭᠲᠠᠭᠠᠯ ᠠᠴᠠ ᠵᠥᠷᠢᠴᠡᠭᠰᠡᠨ ᠴᠠᠬᠢᠯᠭᠠᠨ ᠬᠡᠷᠡᠭᠰᠡᠯ ᠭᠡᠳᠡᠭ ᠨᠢ ᠶᠡᠭᠡ ᠴᠢᠳᠠᠮᠵᠢᠲᠤ ᠪᠤᠶᠤ ᠠᠮᠤᠷ ᠲᠦᠪᠰᠢᠨ ᠤ ᠪᠠᠲᠤᠯᠠᠭ᠎ᠠ ᠦᠭᠡᠢ ᠴᠠᠬᠢᠯᠭᠠᠨ ᠬᠡᠷᠡᠭᠰᠡᠯ ᠢ ᠵᠢᠭᠠᠵᠤ ᠪᠤᠢ᠂ ᠵᠢᠱᠢᠶᠡᠯᠡᠪᠡᠯ ᠴᠠᠬᠢᠯᠭᠠᠨ ᠬᠠᠯᠠᠭᠠᠭᠤᠷ᠂ ᠴᠠᠬᠢᠯᠭᠠᠨ ᠲᠣᠭᠤᠭ᠎ᠠ᠂ ᠴᠠᠬᠢᠯᠭᠠᠨ ᠳᠡᠪᠦᠷ᠎ᠡ᠂ ᠦᠯᠢᠶᠡᠭᠦᠷ᠂ ᠴᠠᠬᠢᠯᠭᠠᠨ ᠳᠠᠩᠰᠠ ᠵᠡᠷᠭᠡ ᠪᠣᠢ᠂ ᠪᠠᠶᠢᠷᠢ ᠳᠤ ᠶᠡᠭᠡ ᠴᠢᠳᠠᠮᠵᠢᠲᠤ ᠴᠠᠬᠢᠯᠭᠠᠨ ᠬᠡᠷᠡᠭᠰᠡᠯ ᠢ ᠬᠡᠷᠡᠭᠯᠡᠪᠡᠯ ᠴᠠᠬᠢᠯᠭᠠᠨ ᠤᠲᠠᠰᠤᠨ ᠤ ᠳᠠᠭᠠᠭᠠᠴᠠ ᠬᠡᠲᠦᠷᠡᠬᠦ ᠪᠤᠶᠤ ᠴᠠᠬᠢᠯᠭᠠᠨ ᠬᠡᠯᠬᠢᠶᠡᠨ ᠤ ᠲᠦᠳᠡᠯᠡᠯ ᠠᠴᠠ ᠪᠣᠯᠵᠤ ᠭᠠᠯ ᠤᠨ ᠠᠶᠤᠯ ᠡᠭᠦᠰᠦᠨ᠎ᠡ᠃     2. ᠥᠪᠡᠰᠦᠪᠡᠨ ᠴᠠᠬᠢᠯᠭᠠᠨ ᠤᠲᠠᠰᠤ ᠵᠠᠯᠭᠠᠬᠤ ᠪᠤᠶᠤ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠨ ᠬᠡᠷᠡᠭᠯᠡᠵᠦ ᠪᠣᠯᠬᠤ ᠦᠭᠡᠢ᠃ ᠴᠠᠬᠢᠯᠭᠠᠨ ᠤᠲᠠᠰᠤᠨ ᠤ ᠱᠤᠭᠤᠮ ᠢ ᠵᠢᠷᠤᠮᠵᠢᠭᠤᠯᠬᠤ ᠳᠤ᠂ ᠴᠠᠬᠢᠯᠭᠠᠨ ᠤᠲᠠᠰᠤ ᠶᠢ ᠰᠢᠲᠠᠮᠠᠬᠠᠢ ᠪᠣᠳᠠᠰ ᠤᠨ ᠳᠤᠮᠳᠠᠭᠤᠷ ᠨᠡᠪᠲᠡᠷᠡᠭᠦᠯᠬᠦ ᠠᠴᠠ ᠵᠠᠶᠢᠯᠠᠰᠬᠢᠬᠤ ᠬᠡᠷᠡᠭᠲᠡᠢ︔ ᠤᠯᠤᠰ ᠤᠨ ᠠᠮᠤᠷ ᠲᠦᠪᠰᠢᠨ ᠤ ᠴᠢᠨᠠᠷ ᠴᠢᠨᠰᠠᠭᠠᠨ ᠤ ᠪᠠᠷᠢᠮᠵᠢᠶ᠎ᠠ ᠳᠤ ᠨᠡᠶᠢᠴᠡᠭᠰᠡᠨ ᠤᠭᠯᠠᠭᠤᠷᠭ᠎ᠠ᠂ ᠵᠢᠭᠢᠷᠢᠭ ᠤᠭᠯᠠᠭᠤᠷᠭ᠎ᠠ ᠶᠢ ᠬᠡᠷᠡᠭᠯᠡᠵᠦ᠂ ᠤᠭᠯᠠᠭᠤᠷᠭ᠎ᠠ ᠳᠡᠭᠡᠷᠡᠬᠢ ᠡᠯ᠎ᠡ ᠲᠥᠷᠥᠯ ᠤᠨ ᠴᠠᠬᠢᠯᠭᠠᠨ ᠤᠭᠯᠠᠭᠤᠷ ᠢ ᠰᠠᠶᠢᠲᠤᠷ ᠠᠩᠬᠠᠷᠴᠤ᠂ ᠡᠪᠳᠡᠷᠡᠭᠰᠡᠨ ᠪᠣᠯ ᠴᠠᠭ ᠲᠤᠬᠠᠢ ᠳᠤ ᠨᠢ ᠰᠣᠯᠢᠵᠤ᠂ ᠴᠠᠬᠢᠯᠭᠠᠨ ᠬᠡᠯᠬᠢᠶᠡᠨ ᠤ ᠳᠥᠲᠡᠯᠡᠯ ᠪᠤᠶᠤ ᠵᠥᠪ ᠪᠣᠰᠤ ᠵᠠᠯᠭᠠᠯᠲᠠ ᠠᠴᠠ ᠪᠣᠯᠵᠤ ᠭᠠᠯ ᠤᠨ ᠠᠶᠤᠯ ᠡᠭᠦᠰᠬᠦ ᠠᠴᠠ ᠵᠠᠶᠢᠯᠠᠰᠬᠢᠬᠤ ᠬᠡᠷᠡᠭᠲᠡᠢ᠃     3. ᠢᠯᠡ ᠭᠠᠯ ᠢ ᠬᠡᠷᠡᠭᠯᠡᠬᠦ ᠦᠭᠡᠢ᠃ ᠪᠠᠶᠢᠷᠢ ᠳᠤ ᠯᠠ᠂ ᠰᠢᠮᠠᠭᠤᠯ ᠤᠲᠤᠬᠤ ᠬᠦᠵᠢ ᠠᠰᠠᠭᠠᠬᠤ᠂ ᠶᠠᠭᠤᠮ᠎ᠠ ᠰᠢᠲᠠᠭᠠᠬᠤ᠂ ᠬᠤᠸᠠᠷ ᠫᠤᠤᠵᠢᠩ ᠲᠠᠯᠪᠢᠬᠤ ᠶᠢ ᠴᠢᠩᠭ᠎ᠠ ᠬᠤᠷᠢᠭᠯᠠᠨ᠎ᠠ᠃     4. ᠭᠠᠳᠠᠭᠰᠢ ᠭᠠᠷᠬᠤ ᠳᠤ ᠪᠠᠨ ᠴᠠᠬᠢᠯᠭᠠᠨ ᠡᠭᠦᠰᠭᠡᠭᠴᠢ ᠶᠢ ᠬᠠᠭᠠᠨ᠎ᠠ᠃ ᠪᠠᠶᠢᠷᠢ ᠠᠴᠠ ᠰᠠᠯᠬᠤ ᠠᠴᠠ ᠡᠮᠦᠨ᠎ᠡ ᠡᠷᠬᠡᠪᠰᠢ ᠴᠠᠬᠢᠯᠭᠠᠨ ᠳ᠋ᠧᠩ᠂ ᠴᠠᠬᠢᠯᠭᠠᠨ ᠴᠡᠨᠡᠭᠯᠡᠭᠦᠷ ᠵᠡᠷᠭᠡ ᠴᠠᠬᠢᠯᠭᠠᠨ ᠲᠥᠬᠦᠭᠡᠷᠦᠮᠵᠢ ᠶᠢᠨ ᠴᠠᠬᠢᠯᠭᠠᠨ ᠡᠭᠦᠰᠭᠡᠭᠴᠢ ᠶᠢ ᠪᠠᠶᠢᠴᠠᠭᠠᠬᠤ ᠶᠢᠨ ᠬᠠᠮᠲᠤ ᠬᠠᠭᠠᠵᠤ᠂ ᠴᠠᠬᠢᠯᠭᠠᠨ ᠬᠡᠷᠡᠭᠰᠡᠯ ᠢ ᠪᠠᠶᠢᠩᠭᠤ ᠴᠠᠬᠢᠯᠭᠠᠨ ᠨᠡᠪᠲᠡᠷᠡᠭᠰᠡᠨ ᠪᠠᠶᠢᠳᠠᠯ ᠳᠤ ᠲᠠᠯᠪᠢᠬᠤ ᠠᠴᠠ ᠪᠣᠯᠤᠭᠰᠠᠨ ᠭᠠᠯ ᠤᠨ ᠠᠶᠤᠯ ᠡᠭᠦᠰᠬᠦ ᠠᠴᠠ ᠰᠡᠷᠭᠡᠶᠢᠯᠡᠨ᠎ᠡ᠃     5. ᠭᠠᠯ ᠰᠡᠷᠭᠡᠶᠢᠯᠡᠵᠦ ᠭᠠᠯ ᠤᠨᠲᠠᠷᠠᠭᠠᠬᠤ ᠲᠠᠷᠬᠠᠭᠠᠨ ᠵᠠᠶᠢᠯᠠᠭᠤᠯᠬᠤ ᠭᠤᠳᠤᠮ ᠢ ᠡᠵᠡᠯᠡᠨ ᠬᠡᠷᠡᠭᠯᠡᠬᠦ ᠦᠭᠡᠢ᠂ ᠪᠥᠭᠯᠡᠬᠦ ᠦᠭᠡᠢ᠃ ᠠᠮᠤᠷ ᠲᠦᠪᠰᠢᠨ ᠤ ᠭᠠᠷᠴᠠ ᠪᠣᠯᠤᠨ ᠲᠠᠷᠬᠠᠭᠠᠨ ᠵᠠᠶᠢᠯᠠᠭᠤᠯᠬᠤ ᠭᠤᠳᠤᠮ ᠪᠣᠯ ︽ᠠᠮᠢ ᠨᠠᠰᠤᠨ ᠤ ᠨᠡᠪᠲᠡᠷᠡᠬᠦ ᠵᠠᠮ︾ ᠪᠣᠯᠤᠨ᠎ᠠ᠃ ᠪᠠᠶᠢᠷᠢ ᠶᠢᠨ ᠭᠡᠷ ᠲᠤ ᠶᠠᠭᠤᠮ᠎ᠠ ᠲᠠᠯᠪᠢᠬᠤ ᠳᠤ ᠪᠠᠨ ᠡᠭᠦᠳᠡ ᠶᠢ ᠪᠥᠭᠯᠡᠬᠦ ᠦᠭᠡᠢ᠂ ᠴᠣᠩᠬᠤ ᠶᠢ ᠪᠥᠭᠯᠡᠬᠦ ᠦᠭᠡᠢ᠂ ᠬᠤᠩᠭᠢᠯ᠂ ᠬᠤᠩᠬᠢᠯ ᠵᠠᠮ ᠳᠡᠭᠡᠷ᠎ᠡ ᠡᠯᠳᠡᠪ ᠶᠠᠭᠤᠮ᠎ᠠ ᠣᠪᠣᠭᠠᠯᠠᠬᠤ ᠦᠭᠡᠢ ᠪᠠᠶᠢᠵᠤ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠲᠠᠷᠬᠠᠭᠠᠨ ᠵᠠᠶᠢᠯᠠᠭᠤᠯᠬᠤ ᠭᠤᠳᠤᠮ ᠤᠨ ᠰᠠᠭᠠᠳ ᠦᠭᠡᠢ ᠨᠡᠪᠲᠡᠷᠡᠬᠦ ᠶᠢ ᠡᠷᠬᠡᠪᠰᠢ ᠪᠠᠲᠤᠯᠠᠬᠤ ᠬᠡᠷᠡᠭᠲᠡᠢ᠃     ᠬᠤᠶᠠᠷ᠂ ᠬᠤᠯᠠᠭᠠᠢ ᠶᠢ ᠰᠡᠷᠭᠡᠶᠢᠯᠡᠬᠦ ᠠᠮᠤᠷ ᠲᠦᠪᠰᠢᠨ     ᠪᠠᠶᠢᠷᠢ ᠶᠢᠨ ᠠᠰᠠᠷ ᠪᠣᠯ ᠰᠤᠷᠤᠭᠴᠢᠳ ᠤᠨ ᠬᠠᠮᠲᠤ ᠶᠢᠨ ᠠᠮᠢᠳᠤᠷᠠᠯ ᠤᠨ ᠭᠤᠣᠯ ᠲᠠᠯᠠᠪᠤᠷ ᠪᠣᠯᠤᠭᠰᠠᠨ ᠤ ᠬᠤᠪᠢ ᠳᠤ᠂ ᠣᠷᠣᠵᠤ ᠭᠠᠷᠬᠤ ᠬᠥᠮᠦᠨ ᠣᠯᠠᠨ ᠮᠥᠷᠲᠡᠭᠡᠨ ᠡᠮᠬᠢ ᠵᠠᠮᠪᠠᠷᠠᠭ᠎ᠠ ᠦᠭᠡᠢ ᠪᠠᠶᠢᠵᠤ᠂ ᠰᠤᠷᠤᠭᠴᠢᠳ ᠪᠠᠶᠢᠷᠢ ᠶᠢᠨ ᠠᠮᠤᠷ ᠲᠦᠪᠰᠢᠨ ᠢ ᠤᠬᠠᠮᠰᠠᠷ ᠠᠴᠠ ᠪᠠᠨ ᠬᠠᠮᠠᠭᠠᠯᠠᠵᠤ᠂ ᠠᠮᠤᠷ ᠲᠦᠪᠰᠢᠨ ᠤ ᠤᠬᠠᠮᠰᠠᠷ ᠪᠠ ᠬᠠᠤᠯᠢ ᠳᠦᠷᠢᠮ ᠤᠨ ᠦᠵᠡᠯᠲᠡ ᠪᠠᠨ ᠴᠢᠩᠭᠠᠳᠬᠠᠨ᠂ ᠰᠡᠷᠭᠡᠶᠢᠯᠡᠬᠦ ᠵᠢᠴᠢ ᠥᠪᠡᠷ ᠢ ᠪᠠᠨ ᠬᠠᠮᠢᠶᠠᠷᠬᠤ ᠴᠢᠳᠠᠪᠤᠷᠢ ᠪᠠᠨ ᠳᠡᠭᠡᠭᠰᠢᠯᠡᠭᠦᠯᠵᠦ᠂ ᠪᠠᠶᠢᠷᠢ ᠶᠢᠨ ᠠᠮᠤᠷ ᠲᠦᠪᠰᠢᠨ ᠢ ᠬᠤᠬᠢᠷᠠᠭᠤᠯᠬᠤ ᠮᠠᠭᠤ ᠦᠢᠯᠡ ᠠᠵᠢᠯᠯᠠᠭ᠎ᠠ ᠶᠢ ᠴᠠᠭ ᠲᠤᠬᠠᠢ ᠳᠤ ᠎ ᠨᠢ ᠢᠳᠬᠠᠨ ᠬᠤᠷᠢᠭᠯᠠᠵᠤ᠂ ᠬᠤᠷᠢᠭᠯᠠᠨ ᠵᠣᠭᠰᠣᠭᠠᠵᠤ᠂ ᠪᠠᠶᠢᠷᠢ ᠶᠢᠨ ᠭᠡᠷ ᠲᠤ ᠣᠷᠣᠵᠤ ᠭᠠᠷᠬᠤ ᠭᠠᠳᠠᠨ᠎ᠠ ᠠᠴᠠ ᠢᠷᠡᠭᠰᠡᠨ ᠬᠥᠮᠦᠰ ᠢ ᠠᠩᠬᠠᠷᠤᠨ᠂ ᠰᠡᠵᠢᠭᠯᠡᠯᠲᠡᠢ ᠪᠠᠶᠢᠳᠠᠯ ᠲᠣᠬᠢᠶᠠᠯᠳᠤᠪᠠᠯ᠂ ᠰᠤᠷᠤᠭᠴᠢᠳ ᠰᠠᠨᠠᠭᠠᠴᠢᠯᠠᠭ᠎ᠠ ᠠᠴᠠ ᠪᠠᠨ ᠪᠠᠶᠢᠴᠠᠭᠠᠨ ᠠᠰᠠᠭᠤᠬᠤ ᠶᠢᠨ ᠬᠠᠮᠲᠤ ᠵᠢᠵᠢᠭᠦᠷᠯᠡᠭᠴᠢ᠂ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ᠃     1. ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠪᠣᠢ ᠪᠣᠯᠭᠠᠨ᠎ᠠ᠃ ᠰᠡᠷᠭᠡᠶᠢᠯᠡᠬᠦ ᠤᠬᠠᠮᠰᠠᠷ ᠢ ᠰᠠᠨᠠᠭᠠᠴᠢᠯᠠᠭ᠎ᠠ ᠠᠴᠠ ᠪᠠᠨ ᠪᠣᠢ ᠪᠣᠯᠭᠠᠵᠤ᠂ ᠬᠤᠯᠠᠭᠠᠢ ᠶᠢ ᠰᠡᠷᠭᠡᠶᠢᠯᠡᠬᠦ ᠠᠮᠤᠷ ᠲᠦᠪᠰᠢᠨ ᠢ ᠠᠩᠬᠠᠷᠴᠤ᠂ ᠡᠭᠦᠳᠡ ᠪᠠᠨ ᠣᠨᠢᠰᠤᠯᠠᠬᠤ᠂ ᠴᠣᠩᠬᠤ ᠪᠠᠨ ᠬᠠᠭᠠᠬᠤ ᠰᠠᠶᠢᠨ ᠰᠠᠶᠢᠬᠠᠨ ᠳᠠᠳᠬᠠᠯ ᠢ ᠪᠣᠢ ᠪᠣᠯᠭᠠᠨ᠂ ᠬᠥᠮᠦᠨ ᠦᠭᠡᠢ ᠦᠶ᠎ᠡ ᠳᠤ ᠡᠭᠦᠳᠡ ᠪᠠᠨ ᠬᠠᠭᠠᠵᠤ᠂ ᠭᠠᠳᠠᠭᠰᠢ ᠭᠠᠷᠬᠤ᠂ ᠤᠨᠲᠠᠬᠤ ᠠᠴᠠ ᠪᠠᠨ ᠡᠮᠦᠨ᠎ᠡ ᠡᠭᠦᠳᠡ ᠴᠣᠩᠬᠤ ᠪᠠᠨ ᠰᠠᠶᠢᠲᠤᠷ ᠬᠠᠭᠠᠨ᠂ ᠨᠢᠭᠡᠳᠦᠭᠡᠷ ᠳᠡᠭᠳᠡᠷ ᠲᠤ ᠰᠠᠭᠤᠵᠤ ᠪᠠᠶᠢᠭ᠎ᠠ ᠰᠤᠷᠤᠭᠴᠢᠳ ᠬᠤᠪᠴᠠᠰᠤ ᠬᠤᠨᠠᠷ᠂ ᠪᠢᠴᠢᠭ ᠤᠨ ᠪᠣᠭᠴᠣ ᠵᠢᠴᠢ ᠪᠤᠰᠤᠳ ᠶᠠᠭᠤᠮ᠎ᠠ ᠪᠠᠨ ᠴᠣᠩᠬᠤᠨ ᠳᠡᠭᠡᠷ᠎ᠡ ᠲᠠᠯᠪᠢᠵᠤ ᠪᠣᠯᠬᠤ ᠦᠭᠡᠢ᠂ ᠪᠠᠶᠢᠷᠢ ᠳᠤ ᠪᠠᠨ ᠣᠷᠣᠢ ᠬᠠᠷᠢᠬᠤ ᠰᠤᠷᠤᠭᠴᠢ ᠬᠥᠮᠦᠨ ᠳᠠᠭᠠᠵᠤ ᠪᠠᠶᠢᠬᠤ ᠡᠰᠡᠬᠦ ᠶᠢ ᠠᠩᠬᠠᠷᠬᠤ ᠬᠡᠷᠡᠭᠲᠡᠢ᠃     2. ᠥᠪᠡᠷ ᠤᠨ ᠶᠠᠭᠤᠮ᠎ᠠ ᠪᠠᠨ ᠵᠦᠢ ᠵᠣᠬᠢᠰᠲᠠᠢ ᠬᠠᠳᠠᠭᠠᠯᠠᠨ᠎ᠠ᠃ ᠰᠠᠨᠠᠭᠠᠨ ᠳᠤ ᠦᠭᠡᠢ ᠤᠴᠢᠷ ᠭᠠᠷᠬᠤ ᠎ ᠠᠴᠠ ᠰᠡᠷᠭᠡᠶᠢᠯᠡᠬᠦ ᠶᠢᠨ ᠲᠥᠯᠥᠭᠡ᠂ ᠰᠤᠷᠤᠭᠴᠢᠳ ᠥᠪᠡᠷ ᠤᠨ ᠶᠠᠭᠤᠮ᠎ᠠ ᠪᠠᠨ ᠵᠦᠢ ᠵᠣᠬᠢᠰᠲᠠᠢ ᠬᠠᠳᠠᠭᠠᠯᠠᠵᠤ ᠬᠠᠮᠢᠶᠠᠷᠤᠭᠠᠷᠠᠢ︔ ᠪᠠᠶᠢᠷᠢ ᠳᠤ ᠪᠠᠨ ᠠᠷᠪᠢᠨ ᠪᠡᠯᠡᠨ ᠵᠣᠭᠤᠰ ᠲᠠᠯᠪᠢᠬᠤ ᠦᠭᠡᠢ︔ ᠪᠠᠩᠬᠢ ᠶᠢᠨ ᠬᠠᠳᠠᠭᠠᠯᠠᠮᠵᠢ ᠳᠤ ᠡᠷᠬᠡᠪᠰᠢ ᠬᠤᠪᠢ ᠬᠥᠮᠦᠨ ᠤ ᠨᠢᠭᠤᠴᠠ ᠨᠣᠮᠧᠷ ᠢ ᠬᠡᠷᠡᠭᠯᠡᠵᠦ᠂ ᠮᠥᠩᠭᠦᠨ ᠭᠦᠢᠯᠭᠡᠭᠡᠨ ᠤ ᠺᠠᠷᠲ ᠪᠠ ᠪᠡᠶ᠎ᠡ ᠶᠢᠨ ᠦᠨᠡᠮᠯᠡᠯ ᠢ ᠰᠠᠯᠭᠠᠨ ᠬᠠᠳᠠᠭᠠᠯᠠᠵᠤ᠂ ᠬᠠᠭᠤᠷᠮᠠᠭᠯᠠᠨ ᠠᠪᠬᠤ ᠠᠴᠠ ᠰᠡᠷᠭᠡᠶᠢᠯᠡᠬᠦ ᠬᠡᠷᠡᠭᠲᠡᠢ᠃     3. ᠪᠠᠶᠢᠷᠢ ᠶᠢᠨ ᠲᠦᠯᠬᠢᠭᠦᠷ ᠢ ᠠᠮᠤᠷ ᠲᠦᠪᠰᠢᠨ ᠬᠡᠷᠡᠭᠯᠡᠨ᠎ᠡ᠃ ᠡᠭᠦᠳᠡ ᠪᠣᠯ ᠪᠠᠶᠢᠷᠢ ᠶᠢᠨ ᠠᠰᠠᠷ ᠤᠨ ᠠᠮᠤᠷ ᠲᠦᠪᠰᠢᠨ ᠢ ᠬᠠᠮᠠᠭᠠᠯᠠᠬᠤ ᠬᠠᠯᠬᠠᠪᠴᠢ ᠮᠥᠨ᠂ ᠰᠤᠷᠤᠭᠴᠢᠳ ᠥᠪᠡᠷ ᠤᠨ ᠪᠠᠶᠢᠷᠢ ᠶᠢᠨ ᠲᠦᠯᠬᠢᠭᠦᠷ ᠢᠶᠠᠨ ᠰᠠᠶᠢᠲᠤᠷ ᠬᠠᠳᠠᠭᠠᠯᠠᠵᠤ᠂ ᠲᠦᠯᠬᠢᠭᠦᠷ ᠪᠤᠶᠤ ᠰᠤᠷᠭᠠᠭᠤᠯᠢ ᠶᠢᠨ ᠬᠦᠷᠢᠶᠡᠨ ᠤ ᠺᠠᠷᠲ ᠢ ᠳᠤᠷ᠎ᠠ ᠪᠠᠷ ᠢᠶᠠᠨ ᠥᠭᠡᠷ᠎ᠡ ᠬᠥᠮᠦᠨ ᠳᠤ ᠵᠢᠭᠡᠯᠡᠭᠦᠯᠬᠦ ᠪᠤᠶᠤ ᠪᠤᠰᠤᠳ ᠬᠥᠮᠦᠨ ᠢᠶᠠᠷ ᠬᠠᠮᠢᠶᠠᠷᠤᠭᠤᠯᠬᠤ ᠦᠭᠡᠢ᠃ ᠵᠠᠪᠠᠯ ᠰᠤᠷᠭᠠᠭᠤᠯᠢ ᠶᠢᠨ ᠨᠢᠭᠡᠳᠦᠯᠲᠡᠢ ᠲᠣᠬᠢᠷᠠᠭᠤᠯᠤᠭᠰᠠᠨ ᠬᠤᠯᠠᠭᠠᠢ ᠶᠢ ᠰᠡᠷᠭᠡᠶᠢᠯᠡᠬᠦ ᠣᠨᠢᠰᠤ ᠶᠢ ᠬᠡᠷᠡᠭᠯᠡᠵᠦ᠂ ᠡᠭᠦᠳᠡᠨ ᠤ ᠣᠨᠢᠰᠤ ᠪᠤᠶᠤ ᠣᠨᠳᠣᠤ ᠡᠭᠦᠳᠡᠨ ᠤ ᠣᠨᠢᠰᠤ ᠨᠡᠮᠡᠬᠦ ᠶᠢ ᠴᠢᠩᠭ᠎ᠠ ᠬᠤᠷᠢᠭᠯᠠᠨ᠎ᠠ᠃     4. ᠵᠢᠵᠢᠭ ᠬᠤᠳᠠᠯᠳᠤᠭᠠᠴᠢᠨ ᠢ ᠴᠢᠩᠭ᠎ᠠ ᠰᠡᠷᠭᠡᠶᠢᠯᠡᠨ᠎ᠡ᠃ ᠰᠤᠷᠤᠭᠴᠢ ᠶᠠᠭᠤᠮ᠎ᠠ ᠪᠠᠨ ᠭᠡᠭᠡᠬᠦ ᠪᠤᠶᠤ ᠮᠡᠬᠡᠯᠡᠭᠳᠡᠬᠦ ᠵᠡᠷᠭᠡ ᠦᠵᠡᠭᠳᠡᠯ ᠭᠠᠷᠬᠤ ᠠᠴᠠ ᠰᠡᠷᠭᠡᠶᠢᠯᠡᠬᠦ ᠶᠢᠨ ᠲᠥᠯᠥᠭᠡ᠂ ᠪᠠᠶᠢᠷᠢ ᠶᠢᠨ ᠠᠰᠠᠷ ᠲᠤ ᠡᠯ᠎ᠡ ᠲᠥᠷᠥᠯ ᠤᠨ ᠵᠢᠵᠢᠭ ᠬᠤᠳᠠᠯᠳᠤᠭᠠᠴᠢᠨ ᠶᠠᠭᠤᠮ᠎ᠠ ︵ᠣᠨᠴᠠᠭᠠᠶᠢᠯᠠᠨ ᠬᠠᠭᠤᠷᠮᠠᠭ ᠮᠠᠭᠤ ᠪᠠᠷᠠᠭ᠎ᠠ︶ ᠪᠣᠷᠣᠯᠠᠭᠤᠯᠬᠤ ᠶᠢ ᠴᠢᠩᠭ᠎ᠠ ᠬᠤᠷᠢᠭᠯᠠᠨ᠎ᠠ᠂ ᠵᠢᠱᠢᠶᠡᠯᠡᠪᠡᠯ ᠪᠠᠶᠢᠷᠢ ᠶᠢᠨ ᠠᠰᠠᠷ ᠲᠤ ᠵᠢᠵᠢᠭ ᠬᠤᠳᠠᠯᠳᠤᠭᠠᠴᠢᠨ ᠪᠤᠶᠤ ᠳᠠᠮᠵᠢᠭᠤᠯᠤᠨ ᠪᠣᠷᠣᠯᠠᠭᠤᠯᠤᠭᠴᠢ ᠶᠠᠭᠤᠮ᠎ᠠ ᠬᠤᠳᠠᠯᠳᠤᠵᠤ ᠪᠠᠶᠢᠭ᠎ᠠ ᠶᠢ ᠣᠯᠵᠤ ᠮᠡᠳᠡᠪᠡᠯ᠂ ᠲᠡᠳᠡᠨ ᠤ ᠪᠠᠶᠢᠷᠢ ᠳᠤ ᠣᠷᠣᠬᠤ ᠶᠢ ᠵᠥᠪᠰᠢᠶᠡᠷᠡᠬᠦ ᠦᠭᠡᠢ ᠪᠥᠭᠡᠳ ᠪᠠᠶᠢᠷᠢ ᠶᠢᠨ ᠠᠰᠠᠷ ᠤᠨ ᠵᠢᠵᠢᠭᠦᠷᠯᠡᠭᠴᠢ ᠳᠤ ᠴᠠᠭ ᠲᠤᠬᠠᠢ ᠳᠤ ᠨᠢ ᠮᠡᠳᠡᠭᠦᠯᠬᠦ ᠪᠤᠶᠤ ᠰᠤᠷᠭᠠᠭᠤᠯᠢ ᠶᠢᠨ ᠠᠮᠤᠷ ᠢ ᠬᠠᠮᠠᠭᠠᠯᠠᠬᠤ ᠰᠠᠯᠠᠭ᠎ᠠ ᠮᠥᠴᠢᠷ ᠲᠤ ᠰᠢᠯᠵᠢᠭᠦᠯᠦᠨ ᠬᠦᠷᠭᠡᠨ᠎ᠡ᠃     5. ᠭᠠᠳᠠᠨ᠎ᠠ ᠶᠢᠨ ᠬᠥᠮᠦᠨ ᠢ ᠪᠠᠶᠢᠷᠢ ᠳᠤ ᠬᠤᠨᠣᠭᠤᠯᠬᠤ ᠦᠭᠡᠢ᠃ ᠡᠯ᠎ᠡ ᠰᠤᠷᠭᠠᠭᠤᠯᠢ ᠥᠪᠡᠷ ᠤᠨ ᠣᠷᠣ ᠪᠠᠨ ᠪᠤᠰᠤᠳ ᠲᠤ ᠳᠤᠷ᠎ᠠ ᠪᠠᠷ ᠢᠶᠠᠨ ᠵᠢᠭᠡᠯᠡᠭᠦᠯᠦᠨ ᠬᠡᠷᠡᠭᠯᠡᠭᠦᠯᠬᠦ ᠶᠢ ᠴᠢᠩᠭ᠎ᠠ ᠬᠤᠷᠢᠭᠯᠠᠵᠤ᠂ ᠲᠤᠰ ᠪᠠᠶᠢᠷᠢ ᠶᠢᠨ ᠪᠤᠰᠤ ᠬᠥᠮᠦᠨ ᠢ ᠳᠤᠷ᠎ᠠ ᠪᠠᠷ ᠢᠶᠠᠨ ᠪᠠᠶᠢᠷᠢ ᠳᠤ ᠦᠯᠡᠳᠡᠭᠡᠨ ᠬᠤᠨᠣᠭᠤᠯᠵᠤ ᠪᠣᠯᠬᠤ ᠦᠭᠡᠢ᠂ ᠪᠥᠭᠦᠳᠡᠭᠡᠷ ᠢᠶᠠᠨ ᠡᠭᠦᠨ ᠳᠤ ᠬᠠᠷᠢᠯᠴᠠᠨ ᠬᠢᠨᠠᠯᠲᠠ ᠲᠠᠯᠪᠢᠵᠤ ᠪᠣᠯᠤᠨ᠎ᠠ᠃     ᠭᠤᠷᠪᠠ᠂ ᠲᠥᠬᠦᠭᠡᠷᠦᠮᠵᠢ ᠶᠢᠨ ᠠᠮᠤᠷ ᠲᠦᠪᠰᠢᠨ     1. ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠦᠶ᠎ᠡ ᠠᠯᠢᠶᠠᠯᠠᠵᠤ ᠨᠠᠭᠠᠳᠬᠤ ᠦᠭᠡᠢ᠃ ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠦᠶ᠎ᠡ ᠳᠤ᠂ ᠭᠤᠯᠭᠤᠷᠢᠬᠤ᠂ ᠯᠠᠪᠳᠠᠭᠤᠨ ᠪᠠᠷᠢᠭᠰᠠᠨ ᠦᠭᠡᠢ ᠵᠡᠷᠭᠡ ᠰᠢᠯᠲᠠᠭᠠᠨ ᠠᠴᠠ ᠪᠣᠯᠵᠤ ᠣᠶᠢᠴᠢᠵᠤ ᠮᠡᠳᠡᠨ᠎ᠡ ︵ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠦᠶ᠎ᠡ ᠳᠤ ᠯᠠᠪᠳᠠᠭᠤᠨ ᠪᠠᠷᠢᠵᠤ᠂ ᠬᠥᠨᠵᠢᠯᠡ ᠳᠡᠪᠢᠰᠬᠡᠷ ᠵᠡᠷᠭᠡ ᠲᠣᠭᠲᠠᠮᠠᠯ ᠪᠤᠰᠤ ᠡᠳ᠋ ᠪᠣᠳᠠᠰ ᠠᠴᠠ ᠪᠢᠲᠡᠭᠡᠢ ᠪᠡᠷᠢ︶᠂ ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠪᠠᠭᠤᠬᠤ ᠦᠶ᠎ᠡ ᠳᠤ ᠬᠠᠮᠲᠤ ᠰᠤᠷᠤᠭᠴᠢ ᠲᠠᠢ ᠪᠠᠨ ᠠᠯᠢᠶᠠᠯᠠᠵᠤ ᠨᠠᠭᠠᠳᠬᠤ ᠦᠭᠡᠢ ᠪᠠᠶᠢᠵᠤ᠂ ᠣᠷᠣᠨ ᠠᠴᠠ ᠪᠠᠨ ᠣᠶᠢᠴᠢᠵᠤ ᠰᠢᠷᠬᠠᠲᠤᠬᠤ ᠠᠴᠠ ᠰᠡᠷᠭᠡᠶᠢᠯᠡᠬᠦ ᠬᠡᠷᠡᠭᠲᠡᠢ᠃     2. ᠬᠠᠯᠲᠤᠷᠢᠭ᠎ᠠ ᠦᠭᠡᠢ ᠣᠯᠪᠣᠭ ᠢ ᠰᠠᠶᠢᠲᠤᠷ ᠬᠡᠷᠡᠭᠯᠡᠨ᠎ᠡ᠃ ᠣᠷᠣ ᠶᠢᠨ ᠲᠦᠰᠢᠯᠭᠡ᠂ ᠠᠰᠠᠷ ᠤᠨ ᠱᠠᠲᠤᠨ ᠳᠤ ᠬᠠᠯᠲᠤᠷᠢᠬᠤ ᠠᠴᠠ ᠰᠡᠷᠭᠡᠶᠢᠯᠡᠵᠦ᠂ ᠣᠷᠣ ᠶᠢᠨ ᠲᠦᠰᠢᠯᠭᠡ ᠪᠠ ᠠᠰᠠᠷ ᠤᠨ ᠱᠠᠲᠤᠨ ᠤ ᠬᠠᠯᠲᠤᠷᠢᠭ᠎ᠠ ᠦᠭᠡᠢ ᠣᠯᠪᠣᠭ ᠢ ᠨᠡᠮᠡᠭᠳᠡᠭᠦᠯᠵᠦ᠂ ᠭᠠᠷ ᠬᠥᠯ ᠪᠠ ᠪᠠᠷᠢᠭᠤᠯ᠂ ᠠᠰᠠᠷ ᠤᠨ ᠱᠠᠲᠤᠨ ᠤ ᠦᠷᠦᠯᠳᠦᠬᠦ ᠬᠦᠴᠦ ᠶᠢ ᠨᠡᠮᠡᠭᠳᠡᠭᠦᠯᠵᠦ ᠬᠠᠯᠲᠤᠷᠢᠬᠤ ᠠᠴᠠ ᠵᠠᠶᠢᠯᠠᠭᠤᠯᠤᠨ᠎ᠠ᠃     3. ᠰᠥᠨᠢ ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠳᠤ ᠭᠡᠷᠡᠯᠲᠦᠭᠦᠯᠭᠡ ᠬᠡᠷᠡᠭᠯᠡᠨ᠎ᠡ᠃ ᠰᠥᠨᠢ ᠪᠠᠶᠢᠷᠢ ᠶᠢᠨ ᠳ᠋ᠧᠩ ᠢ ᠤᠨᠲᠠᠷᠠᠭᠠᠨ᠎ᠠ᠂ ᠬᠡᠷᠪᠡ ᠰᠥᠨᠢ ᠣᠷᠣᠨ ᠳᠡᠭᠡᠷ᠎ᠡ ᠪᠠᠨ ᠭᠠᠷᠬᠤ ᠪᠤᠶᠤ ᠣᠷᠣᠨ ᠠᠴᠠ ᠪᠠᠭᠤᠬᠤ ᠴᠢᠬᠤᠯᠠ ᠲᠠᠢ ᠪᠣᠯ᠂ ᠭᠠᠷ ᠤᠲᠠᠰᠤ ᠪᠤᠶᠤ ᠭᠠᠷ ᠳ᠋ᠧᠩ ᠵᠡᠷᠭᠡ ᠭᠡᠷᠡᠯᠲᠦᠭᠦᠯᠭᠡ ᠪᠠᠨ ᠨᠡᠭᠡᠭᠡᠵᠦ᠂ ᠬᠠᠷᠠᠩᠭᠤᠢ ᠠᠴᠠ ᠪᠣᠯᠵᠤ ᠬᠤᠭᠤᠰᠣᠨ ᠭᠢᠰᠬᠢᠬᠦ ᠠᠴᠠ ᠵᠠᠶᠢᠯᠠᠰᠬᠢᠨ᠎ᠠ᠃     4. ᠬᠡᠲᠦ ᠵᠤᠵᠠᠭᠠᠨ ᠣᠷᠣ ᠳᠡᠪᠢᠰᠬᠡᠷ ᠢ ᠬᠡᠷᠡᠭᠯᠡᠬᠦ ᠦᠭᠡᠢ᠃ ᠪᠠᠶᠢᠷᠢ ᠶᠢᠨ ᠣᠷᠣᠨ ᠳᠤ ᠪᠠᠨ ᠬᠡᠲᠦ ᠵᠤᠵᠠᠭᠠᠨ ᠣᠷᠣ ᠳᠡᠪᠢᠰᠴᠦ ᠪᠣᠯᠬᠤ ᠦᠭᠡᠢ᠂ ᠬᠡᠳᠦ ᠵᠤᠵᠠᠭᠠᠨ ᠣᠷᠣ ᠨᠢ ᠣᠷᠣ ᠳᠡᠪᠢᠰᠭᠡᠷ ᠤᠨ ᠬᠠᠮᠠᠭᠠᠯᠠᠯᠲᠠ ᠶᠢᠨ ᠬᠠᠰᠢᠯᠭ᠎ᠠ ᠶᠢᠨ ᠦᠢᠯᠡᠳᠦᠯ ᠢ ᠪᠠᠭᠤᠷᠠᠭᠤᠯᠵᠤ᠂ ᠠᠮᠤᠷ ᠲᠦᠪᠰᠢᠨ ᠤ ᠳᠠᠯᠳᠠ ᠭᠡᠮ ᠢ ᠪᠣᠢ ᠪᠣᠯᠭᠠᠨ᠎ᠠ᠃   5. ᠣᠷᠣᠨ ᠳᠡᠭᠡᠷ᠎ᠡ ᠠᠴᠠ ᠰᠢᠭᠤᠳ ᠣᠷᠣᠨ ᠤ ᠳᠣᠣᠷᠠᠬᠢ ᠪᠣᠳᠠᠰ ᠢ ᠠᠪᠬᠤ ᠦᠭᠡᠢ᠃ ᠣᠷᠣᠨ ᠳᠡᠭᠡᠷ᠎ᠡ ᠠᠮᠠᠷᠠᠬᠤ ᠦᠶ᠎ᠡ ᠳᠤ᠂ ᠬᠡᠷᠪᠡ ᠣᠷᠣᠨ ᠳᠣᠣᠷᠠᠬᠢ ᠶᠠᠭᠤᠮ᠎ᠠ ᠶᠢ ᠠᠪᠬᠤ ᠴᠢᠬᠤᠯᠠᠲᠠᠢ ᠪᠣᠯ᠂ ᠣᠷᠣᠨ ᠠᠴᠠ ᠪᠠᠨ ᠪᠠᠭᠤᠭᠠᠳ ᠠᠪᠤᠭᠠᠷᠠᠢ᠂ ᠪᠢᠲᠡᠭᠡᠢ ᠶᠠᠷᠰᠢᠭ ᠲᠠᠢ ᠭᠡᠵᠦ ᠳᠥᠭᠦᠮ ᠢ ᠪᠣᠳᠣᠨ ᠣᠷᠣᠨ ᠳᠡᠭᠡᠷ᠎ᠡ ᠪᠠᠨ ᠪᠠᠶᠢᠵᠤ ᠪᠠᠶᠢᠭᠠᠳ ᠶᠠᠭᠤᠮ᠎ᠠ ᠪᠠᠨ ᠠᠪ᠂ ᠣᠶᠢᠴᠢᠬᠤ ᠠᠶᠤᠯ ᠲᠠᠢ᠃ ᠣᠨᠴᠠᠭᠠᠶᠢᠯᠠᠨ ᠰᠠᠨᠠᠭᠤᠯᠬᠤ ᠨᠢ᠄ ᠪᠠᠶᠢᠷᠢ ᠶᠢᠨ ᠭᠡᠷ ᠤᠨ ᠶᠠᠮᠠᠷ ᠨᠢᠭᠡᠨ ᠲᠥᠬᠦᠭᠡᠷᠦᠮᠵᠢ ᠡᠪᠳᠡᠷᠡᠬᠦ ᠳᠤ ᠬᠦᠷᠪᠡᠯ᠂ ᠰᠤᠷᠤᠭᠴᠢᠳ ᠴᠠᠭ ᠲᠤᠬᠠᠢ ᠳᠤ ᠨᠢ ᠪᠠᠶᠢᠷᠢ ᠬᠠᠮᠢᠶᠠᠷᠤᠭᠴᠢ ᠶᠢᠨ ᠲᠡᠨᠳᠡ ᠬᠦᠷᠴᠦ ᠵᠠᠰᠠᠭᠤᠯᠬᠤ ᠪᠠᠷ ᠮᠡᠳᠡᠭᠦᠯᠵᠦ᠂ ᠬᠡᠪ ᠤᠨ ᠠᠮᠢᠳᠤᠷᠠᠯ ᠢ ᠪᠠᠲᠤᠯᠠᠬᠤ ᠬᠡᠷᠡᠭᠲᠡᠢ᠃
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2