ᠰᠢ ᠶᠢᠨ ᠫᠢᠩ ᠨᠢᠩᠰᠢᠶᠠ ᠳᠤ ᠰᠢᠨᠵᠢᠯᠡᠨ ᠪᠠᠶᠢᠴᠠᠭᠠᠬᠤ ᠳᠠᠭᠠᠨ ᠴᠢᠬᠤᠯᠠᠴᠢᠯᠠᠭᠰᠠᠨ ᠨᠢ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤᠮᠳᠠ ᠨᠢᠩᠰᠢᠶᠠ ᠶᠢᠨ ᠬᠠᠭᠤᠳᠠᠰᠤ ᠶᠢ ᠰᠠᠶᠢᠲᠤᠷ ᠪᠢᠴᠢᠭᠯᠡᠬᠦ ᠬᠡᠷᠡᠭᠲᠡᠢ
ᠨᠡᠶᠢᠲᠡᠯᠡᠭᠰᠡᠨ ᠴᠠᠭ᠄
2024/6/25
    ᠰᠢᠨᠬᠤᠸᠠ ᠬᠤᠷᠢᠶ᠎ᠠ ᠶᠢᠨ ᠢᠷᠭᠠᠢ ᠶᠢᠨ 6 ᠰᠠᠷ᠎ᠠ ᠶᠢᠨ 21᠎ ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠣᠶᠢᠷ᠎ᠠ ᠳᠤ ᠨᠢᠩᠰᠢᠶᠠ ᠳᠤ ᠰᠢᠨᠵᠢᠯᠡᠨ ᠪᠠᠶᠢᠴᠠᠭᠠᠬᠤ ᠳᠠᠭᠠᠨ ᠨᠢᠩᠰᠢᠶᠠ ᠶᠢᠨ ᠬᠢᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠢ ᠲᠤᠭᠤᠰᠢᠯᠠᠭᠤᠯᠵᠤ ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠭᠦᠭ ᠠᠶᠠᠰ ᠢ ᠪᠠᠷᠢᠮᠲᠠᠯᠠᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠬᠤ ᠪᠠᠷ ᠵᠢᠯᠣᠭᠤᠳᠤᠮᠵᠢ ᠪᠤᠯᠭᠠᠵᠤ ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ ᠂ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠ ᠨᠡᠭᠡᠭᠡᠯᠲᠡ ᠶᠢ ᠥᠷᠭᠡᠳᠬᠡᠬᠦ ᠂ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠦᠨᠳᠦᠰᠦᠲᠡᠨ ᠤ ᠪᠦᠯᠬᠦᠮᠳᠡᠯ ᠪᠠ ᠬᠠᠮᠲᠤ ᠪᠠᠷ ᠪᠠᠶᠠᠵᠢᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠠᠵᠤ ᠠᠬᠤᠢ ᠴᠡᠴᠡᠭᠯᠡᠨ ᠬᠥᠭᠵᠢᠭᠰᠡᠨ ᠂ ᠦᠨᠳᠦᠰᠦᠲᠡᠨ ᠨᠦᠭᠦᠳ ᠪᠦᠯᠬᠦᠮᠳᠡᠭᠰᠡᠨ ᠂ ᠣᠷᠴᠢᠨ ᠲᠣᠭᠤᠷᠢᠨ ᠭᠤᠶᠤ ᠰᠠᠶᠢᠬᠠᠨ ᠂ ᠠᠷᠠᠳ ᠲᠦᠮᠡᠨ ᠪᠠᠶᠠᠨ ᠴᠢᠨᠡᠭᠡᠯᠢᠭ ᠦᠵᠡᠰᠬᠦᠯᠡᠩᠲᠦ ᠰᠠᠶᠢᠬᠠᠨ ᠰᠢᠨ᠎ᠡ ᠨᠢᠩᠰᠢᠶᠠ ᠶᠢ ᠲᠦᠷᠭᠡᠳᠬᠡᠨ ᠪᠦᠲᠦᠭᠡᠨ ᠪᠠᠶᠢᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠨᠢᠩᠰᠢᠶᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ ᠃    6 ᠰᠠᠷ᠎ᠠ ᠶᠢᠨ 19᠎ ᠤ ᠡᠳᠦᠷ ᠰᠢ ᠶᠢᠨ ᠫᠢᠩ ᠬᠥᠬᠡᠨᠠᠭᠤᠷ ᠲᠠᠬᠢ ᠰᠢᠨᠵᠢᠯᠡᠨ ᠪᠠᠶᠢᠴᠠᠭᠠᠯᠲᠠ ᠪᠠᠨ ᠲᠡᠭᠦᠰᠬᠡᠭᠰᠡᠨ ᠤ ᠳᠠᠷᠠᠭ᠎ᠠ ᠨᠢᠩᠰᠢᠶᠠ ᠳᠤ ᠭᠦᠷᠪᠡ ᠃ ᠲᠤᠰ ᠡᠳᠦᠷ ᠤᠨ ᠦᠳᠡ ᠶᠢᠨ ᠬᠤᠶᠢᠨ᠎ᠠ ᠲᠡᠷᠡ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠯᠢᠶᠠᠩ ᠶᠠᠨ ᠱᠦᠨ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠵᠠᠩ ᠢᠦᠢ ᠫᠦ᠋ ᠶᠢᠨ ᠪᠠᠷ᠎ᠠ ᠪᠤᠯᠤᠯᠭ᠎ᠠ ᠲᠠᠢ ᠪᠠᠷ ᠢᠷᠭᠠᠢ ᠬᠤᠳᠠ ᠳᠤ ᠬᠦᠷᠴᠦ ᠪᠠᠶᠢᠴᠠᠭᠠᠨ ᠰᠤᠳᠤᠯᠵᠠᠢ ᠃    ᠢᠷᠭᠠᠢ ᠬᠤᠲᠠ ᠶᠢᠨ ᠵᠢᠨᠹᠧᠩ ᠲᠣᠭᠤᠷᠢᠭ ᠤᠨ ᠴᠠᠩ ᠴᠧᠩ ᠬᠦᠷᠢᠶᠡᠯᠡᠩ ᠨᠡᠶᠢᠭᠡᠮ ᠲᠣᠭᠤᠷᠢᠭ ᠪᠣᠯ ᠣᠯᠠᠨ ᠦᠨᠳᠦᠰᠦᠲᠡᠨ ᠲᠥᠪᠯᠡᠷᠡᠨ ᠰᠠᠭᠤᠷᠢᠰᠢᠭᠰᠠᠨ ᠲᠣᠮᠣ ᠭᠡᠯᠪᠡᠷᠢ ᠶᠢᠨ ᠨᠡᠶᠢᠭᠡᠮ ᠲᠣᠭᠤᠷᠢᠭ ᠪᠣᠯᠣᠨ᠎ᠠ ᠃ ᠰᠢ ᠶᠢᠨ ᠫᠢᠩ ᠡᠩ ᠲᠡᠷᠢᠭᠦᠨ ᠳᠤ ᠨᠡᠶᠢᠭᠡᠮ ᠲᠣᠭᠤᠷᠢᠭ ᠤᠨ ᠨᠠᠮ ᠤᠨ ᠭᠡᠰᠢᠭᠦᠨ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ ᠂ ᠠᠷᠠᠳ ᠲᠤ ᠲᠥᠭᠦᠮ ᠦᠵᠡᠭᠦᠯᠭᠦ ᠦᠢᠯᠡᠴᠢᠯᠡᠭᠡᠨ ᠤ ᠲᠢᠩᠬᠢᠮ ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠥᠷᠲᠡᠭᠡ ᠂ ᠬᠠᠶᠢᠷ᠎ᠠ ᠬᠠᠯᠠᠮᠵᠢᠲᠤ ᠬᠠᠮ ᠳᠡᠯᠭᠡᠭᠦᠷ ᠲᠤ ᠬᠦᠷᠴᠦ ᠂ ᠨᠡᠶᠢᠭᠡᠮ ᠲᠣᠭᠤᠷᠢᠭ ᠤᠨ ᠠᠵᠢᠯ ᠤᠨ ᠲᠠᠨᠢᠯᠴᠠᠭᠤᠯᠭ᠎ᠠ ᠶᠢ ᠰᠣᠨᠣᠰᠴᠤ ᠂ ᠨᠡᠶᠢᠭᠡᠮ ᠲᠣᠭᠤᠷᠢᠭ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠠᠳᠠᠷᠠᠭᠤᠯᠵᠤ ᠪᠠᠶᠢᠬᠤ ᠂ ᠬᠥᠷᠰᠢ ᠵᠡᠷᠭᠡᠯᠡᠳᠡᠭᠡ ᠶᠢᠨ ᠠᠵᠢᠯᠯᠠᠭ᠎ᠠ ᠥᠷᠨᠢᠭᠦᠯᠵᠦ ᠪᠠᠶᠢᠬᠤ ᠪᠠ ᠠᠷᠠᠳ ᠲᠤ ᠲᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠥᠷᠨᠢᠭᠦᠯᠵᠦ ᠪᠠᠶᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ ᠃ ᠲᠠᠷᠠᠭ᠎ᠠ ᠨᠢ ᠲᠡᠷᠡ ᠨᠡᠶᠢᠭᠡᠮ ᠲᠣᠭᠤᠷᠢᠭ ᠤᠨ ᠬᠥᠳᠡᠯᠭᠡᠭᠡᠨ ᠤ ᠲᠠᠰᠤᠬ ᠲᠤ ᠬᠦᠷᠴᠦ ᠂ ᠰᠠᠭᠤᠭᠠᠯᠢ ᠠᠷᠠᠳ ᠤᠨ ᠴᠠᠭᠠᠰᠤᠨ ᠬᠠᠶᠢᠴᠢᠯᠠᠮᠠᠯ ᠤᠨ ᠵᠣᠬᠢᠶᠠᠨ ᠪᠦᠲᠦᠭᠡᠯᠭᠡ ᠂ ᠪᠥᠵᠢᠭ ᠤᠨ ᠪᠣᠯᠪᠠᠰᠤᠷᠠᠯ ᠢ ᠰᠣᠨᠢᠷᠬᠠᠵᠤ ᠂ ᠤᠯᠠᠨ ᠲᠠᠢ ᠳᠣᠲᠣᠨᠣ ᠪᠠᠷ ᠶᠠᠷᠢᠯᠴᠠᠨ ᠰᠣᠯᠢᠯᠴᠠᠵᠤ ᠂ ᠠᠵᠢᠯ ᠠᠴᠠ ᠪᠠᠨ ᠠᠮᠠᠷᠠᠭᠰᠠᠨ ᠰᠠᠭᠤᠭᠠᠯᠢ ᠠᠷᠠᠳ ᠤᠨ ᠥᠲᠡᠯᠪᠡᠯ ᠭᠦᠷᠳᠡᠭᠦ ᠠᠰᠠᠷᠠᠮᠵᠢ ᠲᠠᠢ ᠂ ᠥᠲᠡᠯᠪᠡᠯ ᠪᠠᠶᠠᠷ ᠪᠠᠶᠠᠰᠤᠯ ᠲᠠᠢ ᠪᠠᠶᠢᠬᠤ ᠪᠠᠷ ᠪᠠᠷᠠᠬᠤ ᠦᠭᠡᠢ ᠪᠠᠰᠠ ᠥᠲᠡᠯᠪᠡᠯ ᠬᠢᠬᠦ ᠠᠵᠢᠯ ᠲᠠᠢ ᠪᠠᠶᠢᠬᠤ ᠶᠢ ᠵᠣᠷᠢᠭᠵᠢᠭᠤᠯᠪᠠ ᠃ ᠰᠢ ᠶᠢᠨ ᠫᠢᠩ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠦᠨᠳᠦᠰᠦᠨ ᠱᠠᠲᠤᠨ ᠤ ᠤᠯᠠᠨ ᠲᠦᠮᠡᠨ ᠲᠠᠢ ᠬᠠᠷᠢᠯᠴᠠᠬᠤ ᠮᠡᠳᠡᠷᠡᠯ ᠤᠨ ᠰᠡᠵᠢᠭᠦᠷ ᠪᠣᠯᠣᠨ᠎ᠠ ᠂ ᠨᠡᠶᠢᠭᠡᠮ ᠲᠣᠭᠤᠷᠢᠭ ᠲᠤ ᠤᠳᠤᠷᠢᠳᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠢ ᠃ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢ ᠰᠠᠶᠢᠲᠤᠷ ᠪᠠᠶᠢᠭᠤᠯᠵᠤ ᠬᠦᠴᠦᠷᠬᠡᠭᠵᠢᠭᠦᠯᠪᠡᠯ ᠨᠡᠶᠢᠭᠡᠮ ᠲᠣᠭᠤᠷᠢᠭ ᠤᠨ ᠠᠵᠢᠯ ᠳᠠᠷᠤᠢ ᠲᠦᠰᠢᠭ ᠲᠤᠯᠭᠠᠭᠤᠷᠢ ᠲᠠᠢ ᠪᠣᠯᠣᠨ᠎ᠠ ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ ᠂ ᠰᠠᠭᠤᠭᠠᠯᠢ ᠠᠷᠠᠳ ᠤᠨ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠶᠢᠨ ᠲᠣᠭᠤᠷᠢᠨ ᠳᠤ ᠤᠯᠠᠨ ᠲᠦᠮᠡᠨ ᠳᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠭᠦᠨᠵᠡᠭᠡᠢ ᠨᠠᠷᠢᠯᠢᠭ ᠪᠣᠳᠠᠲᠠᠢ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ ᠃ᠰᠢ ᠶᠢᠨ ᠫᠢᠩ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠤᠤ ᠱᠧᠦ ᠴᠧᠩ ᠤᠨ ᠭᠡᠷ ᠲᠤ ᠬᠦᠷᠴᠦ ᠂ ᠨᠢᠭᠡ ᠭᠡᠷ ᠤᠨ ᠬᠥᠮᠥᠰ ᠲᠠᠢ ᠬᠠᠮᠲᠤ ᠰᠠᠭᠤᠯᠴᠠᠨ ᠵᠣᠭᠤᠭ ᠳᠡᠯᠭᠡᠵᠦ ᠂ ᠲᠡᠳᠡᠨ ᠤ ᠠᠵᠢᠯ ᠣᠯᠣᠭᠰᠠᠨ ᠂ ᠣᠷᠣᠯᠭ᠎ᠠ ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠂ ᠬᠡᠦᠬᠡᠳ ᠤᠨ ᠬᠢᠨᠢ ᠰᠤᠷᠤᠯᠭ᠎ᠠ ᠵᠡᠷᠭᠡ ᠪᠠᠶᠢᠳᠠᠯ ᠢ ᠣᠶᠢᠯᠠᠭᠠᠵᠤ ᠂ ᠲᠡᠳᠡᠨ ᠤ ᠵᠣᠯ ᠵᠢᠷᠭᠠᠯᠲᠤ ᠠᠮᠢᠳᠤᠷᠠᠯ ᠢ ᠮᠠᠭᠲᠠᠨ ᠰᠠᠶᠢᠰᠢᠶᠠᠵᠤ ᠂ ᠬᠡᠦᠬᠡᠳ ᠤᠨ ᠬᠢᠨᠢ ᠶᠣᠰᠣ ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠭᠦᠳᠡᠯᠮᠦᠷᠢ ᠪᠦᠭᠦ ᠲᠠᠯ᠎ᠠ ᠪᠠᠷ ᠬᠥᠭᠵᠢᠬᠦ ᠶᠢ ᠵᠣᠷᠢᠭᠵᠢᠭᠤᠯᠪᠠ ᠃ ᠵᠣᠣ ᠱᠧᠦ ᠴᠧᠩ ᠶᠡᠷᠦᠩᠬᠡᠢ ᠱᠦᠵᠢ ᠳᠤ ᠲᠤᠬᠠᠢ ᠶᠢᠨ ᠭᠠᠵᠠᠷ ᠤᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠮᠠᠰᠢ ᠬᠠᠯᠠᠮᠵᠢᠯᠠᠵᠤ ᠂ ᠢᠯᠠᠩᠭᠤᠶ᠎ᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠂ ᠰᠠᠭᠤᠭᠠᠯᠢ ᠠᠷᠠᠳ ᠤᠨ ᠰᠣᠶᠣᠯ ᠪᠡᠶ᠎ᠡ ᠶᠢᠨ ᠲᠠᠮᠢᠷ ᠤᠨ ᠠᠮᠢᠳᠤᠷᠠᠯ ᠢ ᠪᠠᠶᠠᠯᠢᠭᠵᠢᠭᠤᠯᠬᠤ ᠵᠡᠷᠭᠡ ᠲᠠᠯ᠎ᠠ ᠪᠠᠷ ᠮᠠᠰᠢ ᠣᠯᠠᠨ ᠪᠣᠳᠠᠲᠤ ᠶᠠᠪᠤᠳᠠᠯ ᠬᠢᠵᠦ ᠂ ᠦᠨᠳᠦᠰᠦᠲᠡᠨ ᠨᠦᠭᠦᠳ ᠤᠨ ᠣᠯᠠᠨ ᠲᠦᠮᠡᠨ ᠨᠡᠶᠢᠭᠡᠮ ᠲᠣᠭᠤᠷᠢᠭ ᠲᠤ ᠡᠶ᠎ᠡ ᠨᠠᠶᠢᠷᠲᠠᠢ ᠪᠠᠷ ᠬᠠᠮᠲᠤ ᠣᠷᠣᠰᠢᠵᠤ ᠂ ᠮᠠᠰᠢ ᠲᠠᠭᠠᠯᠠᠮᠵᠢᠲᠠᠢ ᠠᠮᠢᠳᠤᠷᠠᠵᠤ ᠪᠠᠶᠢᠨ᠎ᠠ ᠭᠡᠵᠦ ᠬᠡᠯᠡᠵᠦ ᠥᠭᠴᠡᠢ ᠃ ᠰᠢ ᠶᠢᠨ ᠫᠢᠩ ᠂ ᠮᠠᠨ ᠤ ᠨᠠᠮ ᠪᠣᠯ ᠪᠦᠭᠦ ᠰᠡᠳᠬᠢᠯ ᠪᠦᠭᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠳᠡᠭ ᠨᠠᠮ ᠮᠥᠨ ᠂ ᠦᠨᠳᠦᠰᠦᠲᠡᠨ ᠨᠦᠭᠦᠳ ᠤᠨ ᠤᠯᠠᠨ ᠲᠦᠮᠡᠨ ᠂ ᠠᠶᠢᠯ ᠡᠷᠦᠭᠡ ᠪᠣᠯᠭᠠᠨ ᠢ ᠪᠢ ᠴᠥᠮ ᠰᠡᠳᠬᠢᠯ ᠳᠡᠭᠡᠨ ᠪᠤᠳᠤᠳᠠᠭ ᠃ ᠲᠠ ᠨᠠᠷ ᠭᠡᠷ ᠪᠦᠯᠢ ᠶᠢᠨ ᠪᠦᠲᠦᠭᠡᠨ ᠪᠠᠶᠢᠭᠤᠯᠤᠯᠲᠠ ᠪᠠᠨ ᠨᠠᠩ ᠰᠠᠶᠢᠲᠤᠷ ᠬᠢᠵᠦ ᠂ ᠠᠮᠢᠳᠤᠷᠠᠯ ᠢᠶᠠᠨ ᠤᠯᠠᠮ ᠰᠠᠶᠢᠨ ᠪᠤᠯᠭᠠᠬᠤ ᠶᠢ ᠬᠦᠰᠡᠵᠦ ᠪᠠᠶᠢᠨ᠎ᠠ ᠭᠡᠵᠦ ᠴᠢᠬᠤᠯᠠᠴᠢᠯᠠᠵᠠᠢ ᠃ᠪᠦᠷᠦᠢ ᠪᠤᠯᠬᠤ ᠶᠢᠨ ᠦᠶ᠎ᠡ ᠪᠠᠷ ᠨᠡᠶᠢᠭᠡᠮ ᠲᠣᠭᠤᠷᠢᠭ ᠤᠨ ᠠᠭᠤᠳᠠᠮ ᠲᠠᠯᠠᠪᠠᠢ ᠲᠦᠢᠯ ᠤᠨ ᠭᠦᠷ ᠬᠥᠭᠵᠢᠶᠡᠨ ᠲᠠᠢ ᠪᠠᠶᠢᠯ᠎ᠠ ᠃ ᠰᠠᠭᠤᠭᠠᠯᠢ ᠠᠷᠠᠳ ᠤᠳ ᠶᠡᠷᠦᠩᠬᠡᠢ ᠱᠦᠵᠢ ᠶᠢᠨ ᠬᠦᠷᠴᠦ ᠢᠷᠡᠭᠰᠡᠨ ᠢ ᠣᠯᠵᠤ ᠦᠵᠡᠭᠡᠳ ᠬᠤᠶᠢᠨ᠎ᠠ ᠬᠤᠶᠢᠨ᠎ᠠ ᠠᠴᠠ ᠪᠠᠨ ᠬᠦᠷᠢᠶᠡᠯᠡᠨ ᠢᠷᠡᠵᠤ ᠂ ᠬᠠᠯᠠᠭᠤᠨ ᠢᠶᠠᠷ ᠠᠯᠠᠭ᠎ᠠ ᠲᠠᠰᠢᠵᠤ ᠤᠭᠲᠤᠪᠠ ᠃ ᠰᠢ ᠶᠢᠨ ᠫᠢᠩ ᠤᠯᠠᠨ ᠳᠤ 4 ᠵᠢᠯ ᠠᠯᠤᠰᠯᠠᠭᠠᠳ ᠪᠢ ᠨᠢᠩᠰᠢᠶᠠ ᠳᠤ ᠳᠠᠬᠢᠨᠲᠠ ᠢᠷᠡᠵᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠡᠷᠭᠢᠨ ᠦᠵᠡᠵᠦ ᠪᠠᠶᠢᠨ᠎ᠠ ᠂ ᠤᠯᠠᠨ ᠲᠠᠢ ᠠᠭᠤᠯᠵᠠᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ ︕    ᠳᠤᠮᠳᠠᠳᠤ ᠶᠢᠨ ᠦᠨᠳᠦᠰᠦᠲᠡᠨ ᠪᠣᠯ ᠨᠢᠭᠡ ᠲᠣᠮᠣ ᠭᠡᠷ ᠪᠦᠯᠢ ᠮᠥᠨ ᠂ ᠦᠨᠳᠦᠰᠦᠲᠡᠨ ᠨᠦᠭᠦᠳ ᠤᠨ ᠠᠷᠠᠳ ᠲᠦᠮᠡᠨ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠬᠡᠷᠡᠭᠲᠡᠢ ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠲᠠ ᠦᠭᠡᠢ ᠪᠠᠲᠤ ᠴᠣᠭᠴᠠᠯᠠᠵᠤ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠡᠳᠬᠢᠯ ᠢ ᠨᠢᠭᠲᠠ ᠬᠤᠯᠪᠣᠵᠤ ᠂ ᠡᠯ᠎ᠡ ᠲᠠᠯ᠎ᠠ ᠶᠢᠨ ᠬᠦᠴᠦᠨ ᠢ ᠥᠷᠭᠡᠨ ᠢᠶᠠᠷ ᠨᠢᠭᠲᠠᠷᠠᠭᠤᠯᠤᠨ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠠᠮᠲᠤ ᠪᠠᠷ ᠠᠬᠢᠭᠤᠯᠵᠤ ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠤᠭ᠎ᠠ ᠦᠢᠯᠡᠰ ᠢ ᠬᠠᠮᠲᠤ ᠪᠠᠷ ᠪᠦᠲᠦᠭᠡᠬᠦ ᠬᠡᠷᠡᠭᠲᠡᠢ ᠭᠡᠵᠦ ᠳᠣᠲᠣᠨᠣ ᠪᠠᠷ ᠬᠡᠯᠡᠪᠡ ᠃20᠎ ᠤ ᠦᠳᠡ ᠶᠢᠨ ᠡᠮᠦᠨ᠎ᠡ ᠰᠢ ᠶᠢᠨ ᠫᠢᠩ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠨᠢᠩᠰᠢᠶᠠ ᠶᠢᠨ ᠠᠵᠢᠯ ᠤᠨ ᠣᠯᠣᠭᠰᠠᠨ ᠠᠮᠵᠢᠯᠲᠠ ᠶᠢ ᠨᠤᠲᠠᠯᠠᠪᠠ ᠃    ᠰᠢ ᠶᠢᠨ ᠫᠢᠩ᠂ ᠨᠢᠩᠰᠢᠶᠠ ᠶᠢᠨ ᠭᠠᠵᠠᠷ ᠵᠦᠢ ᠶᠢᠨ ᠣᠷᠴᠢᠨ ᠲᠣᠭᠤᠷᠢᠨ ᠪᠣᠯᠣᠨ ᠡᠬᠢ ᠪᠠᠶᠠᠯᠢᠭ ᠤᠨ ᠳᠠᠪᠠᠭᠤᠯᠢᠭ ᠣᠨᠴᠠᠭᠠᠢ ᠂ ᠥᠪᠡᠷᠮᠢᠴᠡ ᠣᠨᠴᠠᠯᠢᠬᠵᠢᠬᠰᠠᠨ ᠂ ᠵᠥᠷᠢᠶᠡᠴᠢᠯᠡᠭᠰᠡᠨ ᠠᠵᠤ ᠦᠢᠯᠡᠰ ᠤᠨ ᠬᠥᠭᠵᠢᠯᠲᠡ ᠶᠢᠨ ᠵᠠᠮ ᠢᠶᠠᠷ ᠵᠠᠮᠨᠠᠵᠤ ᠂ ᠨᠢᠩᠰᠢᠶᠠ ᠶᠢᠨ ᠳᠠᠪᠠᠭᠤᠯᠢᠭ ᠢ ᠢᠯᠡᠷᠡᠭᠦᠯᠦᠭᠰᠡᠨ ᠂ ᠨᠡᠯᠢᠶᠡᠳ ᠴᠢᠩᠭ᠎ᠠ ᠥᠷᠢᠰᠦᠯᠳᠦᠬᠦ ᠬᠦᠴᠦᠨ ᠲᠠᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠬᠡᠷᠡᠭᠲᠡᠢ ᠃ ᠨᠢᠩᠰᠢᠶᠠ ᠶᠢᠨ ᠣᠲᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠣᠯᠣᠨ ᠰᠢᠨ᠎ᠡ ᠭᠡᠯᠪᠡᠷᠢ ᠶᠢᠨ ᠮᠠᠲ᠋ᠧᠷᠢᠶᠠᠯ ᠤᠨ ᠠᠵᠤ ᠦᠢᠯᠡᠰ ᠂ ᠰᠠᠯᠬᠢᠨ ᠬᠦᠴᠦᠨ ᠤ ᠴᠠᠭᠢᠯᠭᠠᠨ ᠂ ᠭᠡᠷᠡᠯᠴᠢ ᠴᠡᠨᠡᠭ ᠂ ᠤᠰᠤᠲᠥ᠋ᠷᠥᠭᠴᠢ ᠡᠨᠧᠷᠭᠢ ᠵᠡᠷᠭᠡ ᠴᠡᠪᠡᠷ ᠡᠨᠧᠷᠭᠢ ᠶᠢᠨ ᠠᠵᠤ ᠦᠢᠯᠡᠰ ᠂ ᠦᠵᠦᠮ ᠤᠨ ᠠᠷᠢᠬᠢ ᠂ ᠴᠢᠨ᠋ᠸ᠎ᠠ ᠶᠢᠨ ᠬᠠᠷᠮᠠᠭ ᠵᠡᠷᠭᠡ ᠣᠨᠴᠠᠯᠢᠭᠲᠤ ᠠᠵᠤ ᠦᠢᠯᠡᠰ ᠢ ᠨᠠᠷᠢᠯᠢᠭ ᠬᠢᠵᠦ ᠂ ᠦᠷᠭᠦᠯᠵᠢᠯᠡᠨ ᠬᠥᠭᠵᠢᠭᠦᠯᠬᠦ ᠬᠡᠷᠡᠭᠲᠡᠢ ᠃ ᠰᠣᠶᠣᠯ ᠬᠢᠭᠡᠳ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ ᠂ ᠣᠨᠴᠠᠯᠢᠭᠲᠤ ᠵᠢᠭᠤᠯᠴᠢᠯᠠᠯ ᠂ ᠪᠦᠭᠦ ᠣᠷᠣᠨ ᠪᠦᠰᠡ ᠶᠢᠨ ᠵᠢᠭᠤᠯᠴᠢᠯᠠᠯ ᠢ ᠢᠳᠡᠪᠬᠢᠲᠡᠢ ᠬᠥᠭᠵᠢᠭᠦᠯᠬᠦ ᠬᠡᠷᠡᠭᠲᠡᠢ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠭᠤᠰᠤᠯᠴᠠᠯ ᠢ ᠴᠢᠩᠭᠠᠳᠬᠠᠵᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠤᠨ ᠬᠡᠷᠡᠭᠯᠡᠬᠦ ᠡᠷᠴᠢᠮ ᠢ ᠴᠢᠩᠭᠠᠷᠠᠭᠤᠯᠤᠨ ᠂ ᠤᠯᠠᠮᠵᠢᠯᠠᠯᠲᠤ ᠠᠵᠤ ᠦᠢᠯᠡᠰ ᠤᠨ ᠭᠡᠯᠪᠡᠷᠢ ᠶᠢ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠵᠤ ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠬᠡᠷᠡᠭᠲᠡᠢ ᠃ ᠨᠢᠩᠰᠢᠶᠠ ᠶᠢᠨ ᠬᠤᠶᠢᠲᠤ ᠬᠡᠰᠡᠭ ᠤᠨ ᠬᠠᠲᠤᠨ ᠭᠤᠣᠯ ᠤᠨ ᠤᠰᠤᠯᠠᠯᠲᠠ ᠶᠢᠨ ᠣᠷᠣᠨ ᠂ ᠳᠤᠮᠳᠠ ᠬᠡᠰᠡᠭ ᠤᠨ ᠭᠠᠩ ᠬᠠᠭᠤᠷᠠᠢ ᠣᠷᠣᠨ ᠪᠦᠰᠡ ᠂ ᠡᠮᠦᠨᠡᠲᠦ ᠬᠡᠰᠡᠭ ᠤᠨ ᠠᠭᠤᠯᠠᠷᠬᠠᠭ ᠣᠷᠣᠨ ᠲᠣᠰ ᠲᠣᠰ ᠤᠨ ᠢᠶᠠᠨ ᠣᠨᠴᠠᠯᠢᠭ ᠲᠠᠢ ᠪᠠᠶᠢᠵᠤ ᠂ ᠡᠯ᠎ᠡ ᠭᠠᠵᠠᠷ ᠤᠨ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠂ ᠡᠬᠢ ᠪᠠᠶᠠᠯᠢᠭ ᠣᠷᠴᠢᠨ ᠲᠣᠭᠤᠷᠢᠨ ᠤ ᠪᠠᠭᠲᠠᠭᠠᠮᠵᠢ ᠂ ᠨᠡᠭᠡᠭᠡᠯᠲᠡ ᠬᠢᠵᠦ ᠨᠡᠭᠡᠭᠡᠨ ᠬᠥᠭᠵᠢᠭᠦᠯᠬᠦ ᠳᠠᠯᠳᠠ ᠬᠦᠴᠦᠨ ᠢ ᠣᠨᠣᠪᠴᠢᠲᠠᠶ ᠡᠵᠡᠮᠳᠡᠵᠦ ᠂ ᠨᠢᠭᠡᠳᠦᠯᠲᠡᠢ ᠲᠥᠯᠥᠪᠵᠢᠭᠦᠯᠬᠦ ᠪᠠ ᠠᠵᠤ ᠦᠢᠯᠡᠰ ᠤᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠠᠭᠤᠯᠠ ᠤᠰᠤᠨ ᠬᠠᠷᠢᠯᠴᠠᠨ ᠲᠦᠰᠢᠯᠴᠡᠭᠰᠡᠨ ᠂ ᠬᠤᠲᠠ ᠬᠥᠳᠡᠭᠡ ᠶᠢ ᠠᠭᠤᠰᠤᠯᠴᠠᠭᠤᠯᠤᠭᠰᠠᠨ ᠂ ᠣᠷᠣᠨ ᠪᠦᠰᠡ ᠶᠢ ᠬᠤᠯᠪᠣᠯᠳᠤᠨ ᠬᠥᠳᠡᠯᠦᠯᠴᠡᠭᠰᠡᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃    ᠰᠢ ᠶᠢᠨ ᠫᠢᠩ᠂ ᠨᠢᠩᠰᠢᠶᠠ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠵᠦ ᠂ ᠲᠤᠰ ᠭᠠᠵᠠᠷ ᠤᠨ ᠣᠨᠴᠠᠯᠢᠭ ᠲᠠᠢ ᠥᠭᠡᠷᠡᠴᠢᠯᠡᠯᠲᠡ ᠶᠢ ᠰᠦᠪᠡᠭᠴᠢᠯᠡᠬᠦ ᠬᠡᠷᠡᠭᠲᠡᠢ ᠃ ᠵᠠᠬ᠎ᠠ ᠳᠡᠯᠭᠡᠭᠦᠷ ᠤᠨ ᠠᠵᠤ ᠠᠬᠤᠢ ᠶᠢᠨ ᠦᠨᠳᠦᠰᠦᠨ ᠳᠦᠷᠢᠮ ᠢ ᠲᠡᠭᠦᠯᠳᠡᠷᠵᠢᠭᠦᠯᠵᠦ ᠂ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠨ ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠵᠦ ᠂ ᠨᠡᠶᠢᠭᠡᠮ ᠤᠨ ᠪᠡᠯᠡ ᠣᠷᠣᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠃ ᠳᠣᠲᠣᠭᠠᠳᠤ ᠭᠠᠳᠠᠭᠠᠳᠤ ᠨᠡᠭᠡᠭᠡᠯᠲᠡ ᠶᠢ ᠤᠶᠠᠯᠳᠤᠭᠤᠯᠬᠤ ᠶᠢ ᠪᠠᠷᠢᠮᠲᠠᠯᠠᠨ ᠂ ︽ ᠨᠢᠭᠡ ᠪᠦᠰᠡ ᠨᠢᠭᠡ ᠵᠠᠮ ︾᠎ ᠢ ᠬᠠᠮᠲᠤ ᠪᠠᠷ ᠪᠦᠲᠦᠭᠡᠨ ᠪᠠᠶᠢᠭᠤᠯᠬᠤ ᠪᠠ ᠪᠠᠷᠠᠭᠤᠨ ᠬᠡᠰᠡᠭ ᠤᠨ ᠡᠬᠡ ᠬᠠᠭᠤᠷᠠᠢ ᠳᠠᠯᠠᠢ ᠶᠢᠨ ᠰᠢᠨ᠎ᠡ ᠨᠡᠪᠲᠡᠷᠡᠬᠦ ᠵᠠᠮ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ ᠂ ᠠᠷᠠᠪ ᠤᠨ ᠤᠯᠤᠰ ᠤᠳ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ ᠂ ᠳᠣᠲᠣᠭᠠᠳᠤ ᠡᠬᠡ ᠬᠠᠭᠤᠷᠠᠢ ᠶᠢᠨ ᠨᠡᠭᠡᠭᠡᠯᠲᠡ ᠶᠢᠨ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ ᠃ ᠬᠠᠳᠤᠨ ᠭᠤᠣᠯ ᠪᠣᠯᠣᠨ ᠠᠯᠠᠱᠠ ᠠᠭᠤᠯᠠ ᠂ ᠯᠢᠦ ᠫᠠᠨ ᠱᠠᠨ ᠠᠭᠤᠯᠠ ᠂ ᠯᠥᠸᠧ ᠱᠠᠨ ᠠᠭᠤᠯᠠ ᠶᠢᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠨᠢᠩᠰᠢᠶᠠ ᠶᠢᠨ ᠥᠭᠡᠷᠡᠴᠢᠯᠡᠯᠲᠡ ᠬᠥᠭᠵᠢᠯᠲᠡ ᠶᠢ ᠲᠥᠯᠥᠪᠵᠢᠭᠦᠯᠬᠦ ᠰᠠᠭᠤᠷᠢ ᠪᠤᠯᠬᠤ ᠪᠠᠷᠢᠮᠵᠢᠶ᠎ᠠ ᠪᠣᠯᠣᠨ᠎ᠠ ᠂ ᠡᠬᠢ ᠪᠠᠶᠠᠯᠢᠭ ᠣᠷᠴᠢᠨ ᠲᠣᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠠᠮᠢ ᠠᠬᠤᠢ ᠶᠢᠨ ᠦᠢᠯᠡᠳᠬᠦᠨ ᠤ ᠦᠷᠳᠡᠭ ᠤᠨ ᠪᠡᠶᠡᠯᠡᠭᠳᠡᠯ ᠤᠨ ᠲᠣᠭᠲᠠᠴᠠ ᠪᠣᠯᠣᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠥᠭᠬᠦ ᠲᠣᠭᠲᠠᠴᠠ ᠶᠢ ᠲᠡᠭᠦᠯᠳᠡᠷᠵᠢᠭᠦᠯᠵᠦ ᠂ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠬᠦ ᠬᠡᠷᠡᠭᠲᠡᠢ ᠃ ᠬᠠᠲᠤᠨ ᠭᠤᠣᠯ ᠤᠨ ᠶᠡᠭᠡ ᠲᠣᠬᠤᠢ ᠣᠷᠣᠨ ᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠂ ᠤᠢ ᠰᠢᠭᠤᠢ ᠂ ᠨᠤᠲᠤᠭ ᠪᠡᠯᠴᠢᠭᠡᠷ ᠂ ᠨᠤᠭᠤ ᠭᠠᠵᠠᠷ ᠂ ᠴᠦᠯᠯᠡᠷᠭᠡᠭ ᠭᠠᠵᠠᠷ ᠢ ᠬᠠᠮᠠᠭᠠᠯᠠᠨ ᠰᠡᠷᠭᠦᠭᠡᠬᠦ ᠪᠠ ᠬᠤᠵᠢᠷᠯᠢᠭ ᠭᠠᠵᠠᠷ ᠢ ᠶᠡᠷᠦᠩᠬᠡᠶᠢᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ︽ ᠠᠷᠤ ᠭᠠᠵᠠᠷ ᠤᠨ ᠵᠢᠶᠠᠩᠨᠠᠨ ︾᠎ ᠢ ᠶᠠᠪᠤᠬᠤ ᠲᠤᠳᠤᠮ ᠦᠵᠡᠰᠬᠦᠯᠡᠩᠲᠦ ᠰᠠᠶᠢᠬᠠᠨ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ᠰᠢ ᠶᠢᠨ ᠫᠢᠩ᠂ ᠲᠦᠭᠡᠮᠡᠯ ᠭᠦᠷᠳᠡᠭᠡᠮᠵᠢᠲᠦ ᠴᠢᠨᠠᠷᠲᠠᠢ ᠂ ᠰᠠᠭᠤᠷᠢᠯᠠᠬᠤ ᠴᠢᠨᠠᠷᠲᠠᠢ ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠦᠢᠯᠡᠰ ᠤᠨ ᠪᠠᠶᠢᠭᠤᠯᠤᠯᠲᠠ ᠶᠢ ᠴᠢᠩᠭᠠᠳᠬᠠᠵᠤ ᠂ ᠠᠷᠠᠳ ᠣᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠠᠵᠢᠯ ᠣᠯᠭᠤᠯᠲᠠ ᠶᠢ ᠲᠣᠪᠤᠶᠢᠮ᠎ᠠ ᠪᠠᠶᠢᠷᠢᠨ ᠳᠤ ᠲᠠᠯᠪᠢᠵᠤ ᠂ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠣᠶᠤᠲᠠᠨ ᠂ ᠬᠥᠯᠥᠰᠦᠨ ᠲᠠᠷᠢᠶᠠᠴᠢᠨ ᠂ ᠴᠡᠷᠢᠭ ᠤᠨ ᠠᠯᠪᠠ ᠠᠴᠠ ᠬᠠᠯᠠᠭᠳᠠᠭᠰᠠᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠃ ᠬᠤᠲᠠ ᠶᠢᠨ ᠰᠢᠨᠡᠴᠢᠯᠡᠯᠲᠡ ᠶᠢ ᠢᠳᠡᠪᠬᠢᠲᠡᠢ ᠠᠬᠢᠭᠤᠯᠵᠤ ᠂ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠴᠢᠩᠭᠠᠳᠬᠠᠬᠤ ᠬᠡᠷᠡᠭᠲᠡᠢ ᠃ ᠬᠥᠮᠥᠨ ᠠᠮᠠ ᠶᠢᠨ ᠰᠢᠯᠵᠢᠯᠲᠡ ᠶᠢᠨ ᠬᠠᠨᠳᠤᠰᠢ ᠳᠤ ᠵᠣᠬᠢᠴᠠᠭᠤᠯᠤᠨ ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠵᠤ ᠂ ᠬᠤᠲᠠ ᠬᠥᠳᠡᠭᠡ ᠶᠢᠨ ᠠᠵᠤ ᠦᠢᠯᠡᠰ ᠤᠨ ᠬᠥᠭᠵᠢᠯᠲᠡ ᠂ ᠰᠠᠭᠤᠷᠢ ᠲᠥᠬᠦᠭᠡᠷᠦᠮᠵᠢ ᠂ ᠣᠯᠠᠨ ᠨᠡᠶᠢᠲᠡ ᠶᠢᠨ ᠦᠢᠯᠡᠴᠢᠯᠡᠭᠡ ᠶᠢ ᠨᠢᠭᠡ ᠴᠣᠭᠴᠠᠵᠢᠭᠤᠯᠬᠤ ᠶᠢ ᠠᠬᠢᠭᠤᠯᠬᠤ ᠬᠡᠷᠡᠭᠲᠡᠢ ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ ᠂ ᠵᠠᠭᠤᠨ ᠲᠦᠮᠡᠨ ᠨᠡᠭᠦᠳᠡᠯ ᠠᠷᠠᠳ ᠢ ᠪᠠᠶᠠᠵᠢᠭᠤᠯᠤᠨ ᠲᠡᠭᠡᠭᠰᠢᠯᠡᠭᠦᠯᠭᠦ ᠠᠵᠢᠯᠯᠠᠭ᠎ᠠ ᠶᠢ ᠰᠠᠶᠢᠲᠤᠷ ᠬᠡᠷᠡᠭᠵᠢᠭᠦᠯᠵᠦ ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ ᠂ ᠬᠥᠳᠡᠭᠡ ᠲᠣᠰᠬᠤᠨ ᠤ ᠪᠣᠯᠬᠢ ᠳᠠᠳᠬᠠᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠂ ᠴᠡᠭ ᠲᠣᠭᠲᠠᠭᠠᠨ ᠬᠠᠪᠰᠤᠷᠤᠨ ᠲᠡᠳᠬᠦᠬᠦ ᠂ ᠨᠡᠶᠢᠭᠡᠮ ᠠᠴᠠ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠵᠦ ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠡᠷᠡᠰ ᠰᠡᠷᠭᠡᠶᠢᠯᠡᠬᠦ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠢ ᠰᠠᠶᠢᠲᠤᠷ ᠠᠳᠬᠤᠵᠤ ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ ᠃    ᠰᠢ ᠶᠢᠨ ᠫᠢᠩ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠦᠨᠳᠦᠰᠦᠨ ᠪᠣᠳᠣᠯᠭ᠎ᠠ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠴᠢᠷᠮᠠᠶᠢᠨ ᠪᠠᠶᠢᠭᠤᠯᠬᠤ ᠬᠡᠷᠡᠭᠲᠡᠢ ᠃ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠵᠤ ᠂ ᠬᠠᠷᠢᠯᠴᠠᠨ ᠠᠭᠤᠰᠤᠯᠴᠠᠬᠤ ᠮᠠᠶ᠋ᠢᠭ ᠤᠨ ᠨᠡᠶᠢᠭᠡᠮ ᠤᠨ ᠪᠦᠲᠦᠴᠡ ᠪᠠ ᠨᠡᠶᠢᠭᠡᠮ ᠲᠣᠭᠤᠷᠢᠭ ᠤᠨ ᠣᠷᠴᠢᠨ ᠨᠥᠬᠦᠴᠡᠯ ᠢ ᠬᠦᠴᠦᠯᠡᠨ ᠪᠠᠶᠢᠭᠤᠯᠵᠤ ᠂ ᠦᠨᠳᠦᠰᠦᠲᠡᠨ ᠨᠦᠭᠦᠳ ᠤᠨ ᠪᠦᠭᠦ ᠲᠠᠯ᠎ᠠ ᠪᠠᠷ ᠠᠭᠤᠰᠤᠯᠴᠠᠬᠤ ᠦᠢᠯᠡᠳᠦᠯᠭᠡ ᠶᠢᠨ ᠠᠷᠭ᠎ᠠ ᠵᠠᠮ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠣᠨᠣᠯ ᠪᠠ ᠴᠢᠭᠯᠡᠯᠲᠡ ᠲᠥᠷᠥ ᠶᠢᠨ ᠪᠣᠳᠣᠯᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠵᠤ ᠂ ᠱᠠᠰᠢᠨ ᠰᠤᠷᠲᠠᠬᠤᠨ ᠤ ᠡᠲᠡᠭᠡᠳ ᠢ ᠦᠵᠡᠯ ᠰᠠᠨᠠᠭ᠎ᠠ ᠤᠯᠤᠰ ᠲᠥᠷᠥ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠶᠢ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ ᠃        ᠰᠢ ᠶᠢᠨ ᠫᠢᠩ᠂ ᠪᠦᠭᠦ ᠨᠠᠮ ᠳᠤ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ ᠂ ᠦᠷ᠎ᠡ ᠪᠦᠲᠦᠮᠵᠢ ᠭᠠᠷᠭᠠᠵᠤ ᠂ ᠨᠠᠮ ᠤᠨ ᠭᠡᠰᠢᠭᠦᠨ ᠂ ᠺᠠᠳ᠋ᠷᠴᠤᠳ ᠤᠨ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠨᠠᠷᠢᠨ ᠬᠢᠨᠠᠮᠠᠭᠠᠢ ᠰᠤᠷᠤᠯᠴᠠᠬᠤ ᠶᠢ ᠠᠬᠢᠭᠤᠯᠵᠤ ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠭᠰᠠᠨ ᠤᠷᠢᠲᠠᠯ ᠳᠣᠣᠷ᠎ᠠ ᠂ ᠰᠡᠳᠬᠢᠯ ᠠᠮᠤᠷ ᠠᠵᠢᠯᠯᠠᠵᠤ ᠂ ᠵᠣᠷᠢᠭᠲᠠᠢ ᠪᠠᠷ ᠠᠵᠢᠯᠯᠠᠵᠤ ᠂ ᠵᠣᠷᠢᠭᠲᠠᠢ ᠪᠠᠷ ᠡᠷᠡᠮᠡᠬᠡᠶᠢᠯᠡᠨ ᠲᠠᠪᠰᠢᠵᠤ ᠂ ᠢᠳᠡᠪᠬᠢᠲᠡᠢ ᠪᠠᠷ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠢ ᠃ ᠨᠠᠮᠴᠢ ᠴᠢᠨᠠᠷ ᠂ ᠨᠠᠮ ᠤᠨ ᠰᠤᠷᠲᠠᠯ ᠂ ᠨᠠᠮ ᠤᠨ ᠰᠠᠬᠢᠯᠭ᠎ᠠ ᠪᠠᠲᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ ᠬᠤᠭᠤᠴᠠᠭᠠᠨ ᠤ ᠪᠦᠲᠦᠮᠵᠢᠲᠡᠢ ᠳᠦᠷᠢᠮ ᠲᠣᠭᠲᠠᠴᠠ ᠶᠢ ᠲᠡᠭᠦᠯᠳᠡᠷᠵᠢᠭᠦᠯᠵᠦ ᠂ ᠬᠡᠯᠪᠡᠷᠢᠴᠢ ᠦᠵᠡᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ ᠂ ᠢᠯᠵᠠᠷᠠᠬᠤ ᠠᠴᠠ ᠵᠢᠷᠦᠬᠡᠰᠢᠶᠡᠬᠦ ᠂ ᠢᠯᠵᠠᠷᠠᠵᠤ ᠪᠤᠯᠬᠤ ᠦᠭᠡᠢ ᠂ ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ ᠂ ᠰᠢᠯᠢᠳᠡᠭ ᠨᠠᠮ ᠤᠨ ᠰᠤᠷᠲᠠᠯ ᠢᠶᠠᠷ ᠬᠥᠮᠥᠰ ᠤᠨ ᠰᠡᠳᠬᠢᠯ ᠢ ᠨᠢᠭᠲᠠᠷᠠᠭᠤᠯᠵᠤ ᠂ ᠨᠡᠶᠢᠭᠡᠮ ᠤᠨ ᠬᠡᠪ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃    ᠯᠢ ᠭᠠᠨ ᠵᠢᠶᠧ ᠂ ᠾᠧ ᠯᠢ ᠹᠧᠩ ᠵᠢᠴᠢ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ ᠪᠠᠶᠢᠴᠠᠭᠠᠪᠠ ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2