ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠬᠠᠮᠢᠶ᠎ᠠ ᠪᠥᠬᠦᠶ ᠵᠦᠢᠯᠡᠰ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/6/26
    6 ᠰᠠᠷ᠎ᠠ ᠶᠢᠨ 24᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠵᠢᠨᠢᠩ ᠲᠣᠭᠤᠷᠢᠭ ᠤᠨ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃     ᠬᠤᠷᠠᠯ ᠠᠴᠠ ᠶᠠᠩ ᠶᠦᠩ᠂ ᠸᠠᠩ ᠯᠢ ᠰᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤ ᠭᠤᠣᠯᠳᠠᠯᠭ᠎ᠠ ᠲᠠᠢ ᠬᠦᠷᠢᠶᠡᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠤᠬᠢᠷᠠᠭᠤᠯᠤᠯᠳᠠ ᠶᠢᠨ ᠪᠠᠶᠢᠳᠠᠯ ᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ ᠱᠠᠭᠠᠷᠳᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠥᠬᠦ ᠲᠠᠯ᠎ᠠ ᠪᠠᠷ ᠴᠢᠩᠭᠠᠳᠬᠠᠵᠤ᠂ ᠮᠠᠨ ᠤ ᠲᠤᠭᠤᠷᠢᠭ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ ᠡᠭᠦᠷᠭᠡ ᠬᠠᠷᠢᠭᠤᠴᠠᠯᠭ᠎ᠠ ᠵᠢᠴᠢ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠠᠷᠠᠯᠲᠠ ᠡᠭᠦᠷᠭᠡ ᠪᠠᠨ ᠨᠠᠷᠢᠯᠢᠬᠵᠢᠭᠤᠯᠤᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠬᠢᠨᠠᠮᠠᠭᠠᠶ ᠰᠤᠳᠤᠯᠤᠨ ᠪᠠᠶᠢᠷᠢᠯᠠᠭᠤᠯᠵᠤ᠂ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠲᠠᠰᠤᠷᠠᠯᠲᠠ ᠥᠬᠡᠶ ᠵᠢᠷᠤᠮᠵᠢᠭᠤᠯᠬᠤ ᠬᠡᠷᠡᠭᠲᠡᠶ᠃ ᠠᠵᠢᠯ ᠤᠨ ᠰᠠᠬᠢᠯᠭ᠎ᠠ ᠪᠠᠲᠤ ᠶᠢ ᠤᠯᠠᠮ ᠴᠢᠨᠠᠭᠰᠢᠳᠠ ᠴᠢᠩᠳᠠᠯᠠᠵᠤ᠂ ᠠᠵᠢᠯ ᠤᠨ ᠰᠤᠷᠲᠠᠯ ᠢᠶᠠᠨ ᠰᠠᠶᠢᠵᠢᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠴᠡᠭᠴᠡᠯᠡᠨ ᠵᠠᠰᠠᠬᠤ ᠪᠣᠳᠠᠲᠤ ᠦᠷ᠎ᠡ ᠪᠦᠲᠦᠮᠵᠢ ᠪᠠᠨ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ᠃ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠠᠵᠢᠯ ᠤᠨ ᠬᠠᠮᠲᠤᠷᠠᠯ  ᠬᠦᠴᠦᠨ ᠢ ᠪᠦᠷᠢᠯᠳᠦᠭᠦᠯᠵᠦ᠂ ᠡᠯ᠎ᠡ ᠵᠦᠢᠯ ᠤᠨ ᠴᠡᠭᠴᠡᠯᠡᠨ ᠵᠠᠰᠠᠬᠤ ᠡᠭᠦᠷᠭᠡ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠲᠤᠪᠤᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ᠃     ᠲᠤᠭᠤᠷᠢᠭ ᠤᠨ ᠬᠤᠯᠪᠣᠭᠳᠠᠯ ᠪᠦᠬᠦᠢ ᠤᠳᠤᠷᠢᠳᠤᠯᠭ᠎ᠠ ᠵᠢᠴᠢ ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃        ᠨᠠᠶᠢᠷᠠᠭᠤᠯᠤᠭᠴᠢ᠄ ᠸᠠᠩ ᠵᠢᠩ ᠵᠢᠩ᠂ ᠴᠢᠶᠤᠤ ᠮᠢᠨ ᠮᠢᠨ        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2