ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ  ᠨᠠᠢᠮᠠᠳᠤᠭᠠᠷ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/6/26
729470.jpg
    6 ᠰᠠᠷ᠎ᠠ ᠶᠢᠨ 25᠎ ᠤ ᠡᠳᠦᠷ᠂ ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠷᠪᠠᠨ ᠨᠠᠢᠮᠠᠳᠤᠭᠠᠷ ᠬᠤᠷᠠᠯ ᠬᠤᠷᠠᠯᠳᠤᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠯᠦᠩ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠯᠠᠨ ᠮᠢᠩ ᠹᠠᠩ᠂ ᠷᠧᠨ ᠶᠦᠩ ᠱᠧᠩ᠂ ᠸᠠᠩ ᠬᠦᠶ ᠴᠧᠩ ᠂ ᠰᠦᠶ ᠪᠦ᠋ ᠱᠧᠩ ᠬᠤᠷᠠᠯ ᠳᠤ ᠣᠷᠣᠯᠴᠠᠵᠠᠶ᠃ ᠲᠣᠭᠤᠷᠢᠭ ᠤᠨ ᠵᠠᠰᠠᠭ ᠤᠨ ᠣᠷᠳᠣᠨ ᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠾᠧ ᠷᠦᠨ ᠭᠧᠨ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠢᠴᠢ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠰᠤᠯᠠ ᠣᠷᠣᠯᠴᠠᠪᠠ᠃    ᠬᠤᠷᠠᠯ ᠳᠤ ᠣᠷᠣᠯᠴᠠᠬᠤ ᠶᠣᠰᠣᠲᠠᠶ ᠭᠡᠰᠢᠭᠦᠨ 28 ᠬᠥᠮᠦᠨ᠂ ᠪᠣᠳᠠᠲᠠᠶ ᠣᠷᠣᠯᠴᠠᠭᠰᠠᠨ ᠨᠢ 23 ᠬᠥᠮᠦᠨ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠬᠤᠷᠠᠯ ᠠᠴᠠ ᠵᠢᠨᠢᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠂ ︽ᠮᠠᠨ ᠤ ᠲᠣᠭᠤᠷᠢᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠂ ︽ᠮᠠᠨ ᠤ ᠲᠣᠭᠤᠷᠢᠭ ᠤᠨ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠥᠲᠥᠭᠡᠨ ᠪᠠᠶᠢᠭᠤᠯᠬᠤ ᠲᠦᠷᠢᠮ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠶ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ︾᠎ ᠶᠢ ᠰᠣᠨᠣᠰᠴᠤ ᠬᠢᠨᠠᠨ ᠵᠥᠪᠯᠡᠭᠰᠡᠨ ᠪᠥᠭᠡᠳ ᠪᠠᠲᠤᠯᠠᠪᠠ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2