ᠵᠠᠩ ᠶᠦᠩ ᠸᠧᠨ ᠦᠶᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠭᠤᠣᠯ ᠴᠠᠭᠳᠠᠪᠠ
ᠨᠡᠶᠢᠲᠡᠯᠡᠭᠰᠡᠨ ᠴᠠᠭ᠄
2024/6/26
705470.jpg
    6 ᠰᠠᠷ᠎ᠠ ᠶᠢᠨ 25᠎ ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠦᠶᠡᠷ ᠢ ᠰᠡᠷᠭᠡᠶᠢᠯᠡᠬᠦ ᠠᠵᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠬᠤ ᠶᠢᠨ ᠬᠠᠮᠲᠤ ᠭᠤᠣᠯ ᠴᠠᠭᠳᠠᠬᠤ ᠠᠵᠢᠯ ᠥᠷᠨᠢᠭᠦᠯᠵᠡᠢ᠃     ᠵᠠᠩ ᠶᠦᠩ ᠸᠧᠨ᠂ ᠼᠠᠢ ᠬᠤᠩ ᠴᠢᠶᠣᠤ ᠪᠣᠷᠣᠭᠠᠨ ᠤ ᠤᠰᠤᠨ ᠤ ᠢᠨᠵᠧᠨᠧᠷᠢᠩ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠨᠠᠨ ᠱᠠ ᠾᠧ ᠭᠤᠣᠯ ᠳᠠᠭᠠᠤ᠂ ᠮᠠ ᠯᠢᠶᠠᠨ ᠴᠢᠦᠶ ᠰᠢᠶᠠᠩ ᠤᠨ ᠰᠧ ᠴᠢᠶᠠᠨ ᠲᠣᠰᠬᠤᠨ ᠵᠡᠷᠭᠡ ᠭᠠᠵᠠᠷ ᠲᠤ ᠬᠦᠷᠴᠦ᠂ ᠵᠠᠮ ᠲᠤᠵᠢ ᠶᠠᠪᠤᠵᠤ᠂ ᠪᠣᠳᠠᠲᠤ ᠪᠠᠶᠢᠳᠠᠯ ᠢ ᠠᠰᠠᠭᠤᠵᠤ᠂ ᠠᠬᠢᠴᠠ ᠶᠢ ᠱᠠᠯᠠᠪᠳᠠᠭᠤᠯᠵᠤ᠂ ᠣᠳᠣᠬᠠᠨ ᠤ ᠢᠨᠵᠧᠨᠧᠷᠢᠩ ᠤᠨ ᠲᠦᠷᠦᠯ ᠵᠦᠢᠯ ᠤᠨ ᠠᠬᠢᠴᠠ᠂ ᠦᠶᠡᠷ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠪᠣᠯᠤᠨ ᠭᠤᠣᠯ ᠤᠨ ᠵᠠᠮ ᠤᠨ ᠦᠶᠡᠷ ᠵᠠᠯᠠᠬᠤ ᠠᠮᠤᠷ ᠲᠦᠪᠰᠢᠨ ᠵᠡᠷᠭᠡ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠭᠤᠣᠯ ᠴᠠᠭᠳᠠᠬᠤ ᠠᠵᠢᠯ ᠢ ᠥᠷᠨᠢᠭᠦᠯᠵᠡᠢ᠃        ᠵᠠᠩ ᠶᠦᠩ ᠸᠧᠨ ᠬᠡᠯᠡᠭᠰᠡᠨ ᠨᠢ᠂ ᠦᠶᠡᠷ ᠢ ᠰᠡᠷᠭᠡᠶᠢᠯᠡᠬᠦ ᠠᠵᠢᠯ ᠨᠢ ᠠᠷᠠᠳ ᠣᠯᠠᠨ ᠤ ᠲᠤᠰ ᠪᠡᠶ᠎ᠡ ᠶᠢᠨ ᠠᠰᠢᠭ ᠲᠤᠰᠠ ᠪᠠ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠤᠨ ᠶᠡᠭᠡ ᠲᠠᠯ᠎ᠠ ᠲᠠᠢ ᠬᠤᠯᠪᠣᠭᠳᠠᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠣᠯᠤᠨ ᠮᠡᠷᠭᠡᠵᠢᠯ ᠤᠨ ᠵᠢᠷᠤᠮᠵᠢᠯ ᠢ ᠴᠢᠩᠭ᠎ᠠ ᠬᠡᠷᠡᠭᠵᠢᠭᠦᠯᠦᠭᠰᠡᠨ ᠤᠷᠢᠲᠠᠯ ᠳᠣᠣᠷ᠎ᠠ᠂ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ ᠂ ᠲᠤᠩᠭᠠᠯᠠᠭ ᠰᠠᠶᠢᠬᠠᠨ ᠠᠭᠤᠷ ᠠᠮᠢᠰᠬᠤᠯ ᠢ ᠠᠮᠵᠢᠨ ᠠᠳᠬᠤᠵᠤ᠂ ᠪᠠᠷᠢᠯᠭ᠎ᠠ ᠶᠢᠨ ᠬᠤᠭᠤᠴᠠᠭ᠎ᠠ ᠶᠢ ᠪᠠᠶᠢᠷᠢᠯᠠᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠥᠨᠳᠥᠷ ᠪᠦᠲᠦᠮᠵᠢᠲᠡᠢ ᠠᠬᠢᠭᠤᠯᠬᠤ ᠬᠡᠷᠡᠭᠲᠡᠢ᠃ ᠭᠤᠣᠯ ᠮᠥᠷᠡᠨ ᠤ ᠳᠠᠷᠤᠭ᠎ᠠ ᠶᠢᠨ ᠳᠦᠷᠢᠮ ᠢᠶᠠᠷ ᠭᠠᠷᠳᠠᠴᠠ ᠪᠣᠯᠭᠠᠵᠤ᠂ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠦᠶᠡᠷ ᠢ ᠬᠠᠷᠰᠢᠯᠠᠬᠤ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠦᠶᠡᠷ ᠢ ᠰᠡᠷᠭᠡᠶᠢᠯᠡᠬᠦ ᠡᠨᠡᠬᠦ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠪᠣᠷᠣᠭᠠᠨ ᠤ ᠪᠠᠶᠢᠳᠠᠯ᠂ ᠤᠰᠤᠨ ᠤ ᠪᠠᠶᠢᠳᠠᠯ᠂ ᠦᠶᠡᠷ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠠᠩᠬᠠᠷᠴᠤ᠂ ᠠᠵᠢᠯ ᠢᠶᠠᠨ ᠤᠷᠢᠳᠠᠪᠠᠷ ᠬᠢᠵᠦ᠂  ᠡᠯ᠎ᠡ ᠵᠦᠢᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠢᠮᠪᠠᠢ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃     ᠶᠤᠤ ᠬᠠᠢ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃        ᠨᠠᠶᠢᠷᠠᠭᠤᠯᠤᠭᠴᠢ᠄ ᠸᠠᠩ ᠵᠢᠩ  ᠵᠢᠩ᠂ ᠴᠢᠶᠤᠤ ᠮᠢᠨ ᠮᠢᠨ        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2