ᠯᠢ ᠴᠢᠶᠠᠩ ᠸᠢᠶᠧᠳ᠋ᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ
ᠨᠡᠶᠢᠲᠡᠯᠡᠭᠰᠡᠨ ᠴᠠᠭ᠄
2024/6/27
     ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 24᠎ ᠤ ᠦᠳᠡ ᠶᠢᠨ ᠬᠤᠶᠢᠨ᠎ᠠ ᠳ᠋ᠠᠯᠢᠶᠠᠨ ᠳᠤ ᠸᠢᠶᠧᠳ᠋ᠨᠠᠮ ᠤᠨ ᠶᠡᠷᠦᠩᠬᠡᠢ ᠰᠠᠶᠢᠳ ᠹᠠᠨ ᠮᠢᠩ ᠵᠧᠩ ᠲᠠᠢ ᠠᠭᠤᠯᠵᠠᠪᠠ᠃    ᠯᠢ ᠴᠢᠶᠠᠩ ᠶᠠᠭᠤᠨ ᠤ ᠡᠮᠦᠨ᠎ᠡ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠴᠠ ᠶᠡᠷᠦᠩᠬᠡᠢ ᠱᠦᠵᠢ ᠷᠤᠸᠠᠨ ᠹᠦ᠋ ᠵᠥᠩ ᠪᠣᠯᠣᠨ ᠤᠯᠤᠰ ᠤᠨ ᠲᠡᠷᠢᠭᠦᠯᠡᠭᠴᠢ ᠰᠤ᠋ ᠯᠢᠨ ᠳᠤ ᠬᠦᠷᠭᠡᠭᠰᠡᠨ ᠳᠣᠲᠣᠨᠣ ᠮᠡᠨᠳᠦᠴᠢᠯᠡᠯ ᠢ ᠳᠠᠮᠵᠢᠭᠤᠯᠵᠠᠢ᠃ ᠯᠢ ᠴᠢᠶᠠᠩ ᠢᠯᠡᠳᠬᠡᠬᠦ ᠳᠤ ᠪᠠᠨ᠂ ᠳᠤᠮᠳᠠᠳᠤ ᠤᠯᠤᠰ ᠨᠢ ᠸᠢᠶᠧᠳ᠋ᠨᠠᠮ ᠯᠤᠭ᠎ᠠ ︽ ᠨᠥᠬᠦᠷ ᠪᠥᠭᠡᠳ ᠠᠬ᠎ᠠ ᠳᠡᠭᠦᠦ ︾᠎ ᠶᠢᠨ ᠭᠦᠨ ᠵᠤᠵᠠᠭᠠᠨ ᠨᠥᠬᠦᠷᠯᠡᠯ ᠲᠠᠢ ᠶᠤᠮ ᠃ ᠨᠢᠳᠤᠨᠤᠨ ᠂ ᠶᠡᠷᠦᠩᠬᠡᠢ ᠱᠦᠵᠢ ᠰᠢ ᠶᠢᠨ ᠫᠢᠩ ᠪᠠ ᠶᠡᠷᠦᠩᠬᠡᠢ ᠱᠦᠵᠢ ᠷᠤᠸᠠᠨ ᠹᠦ᠋ ᠵᠦᠩ ᠬᠠᠮᠲᠤ ᠪᠠᠷ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠪᠠᠷ ᠨᠡᠶᠢᠲᠡᠯᠡᠵᠦ ᠂ ᠰᠢᠨ᠎ᠡ ᠴᠠᠭ ᠦᠶ᠎ᠡ ᠶᠢᠨ ᠳᠤᠮᠳᠠᠳᠤ ᠸᠢᠶᠧᠳ᠋ᠨᠠᠮ ᠤᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠳᠤ ᠠᠤᠭ᠎ᠠ ᠲᠥᠰᠥᠪ ᠢ ᠵᠢᠷᠤᠭᠯᠠᠵᠤ ᠥᠭᠴᠡᠢ ᠃ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠤᠯᠤᠰ ᠲᠠᠢ ᠬᠠᠮᠲᠤ ᠪᠠᠷ ᠬᠤᠶᠠᠷ ᠨᠠᠮ ᠤᠨ ᠬᠠᠮᠤᠭ ᠤᠨ ᠳᠡᠭᠡᠳᠦ ᠤᠳᠤᠷᠢᠳᠬᠤ ᠬᠦᠮᠦᠰ ᠤᠨ ᠴᠢᠬᠤᠯᠠ ᠬᠠᠮᠲᠤ ᠶᠢᠨ ᠲᠠᠨᠢᠯᠲᠠ ᠶᠢ ᠴᠢᠨᠠᠭᠰᠢᠳᠠ ᠰᠠᠶᠢᠲᠤᠷ ᠨᠠᠶᠢᠳᠠᠪᠤᠷᠢᠵᠢᠭᠤᠯᠵᠤ ᠂ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠤᠨ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠴᠦ ᠂ ᠭᠠᠵᠠᠷ ᠣᠷᠣᠨ ᠤ ᠡᠩᠬᠡ ᠲᠠᠶᠢᠪᠤᠩ ᠂ ᠲᠣᠭᠲᠠᠭᠤᠨ ᠪᠠ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠢ᠃    ᠯᠢ ᠴᠢᠶᠠᠩ ᠂ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠤᠯᠤᠰ ᠲᠠᠢ ᠬᠠᠮᠲᠤ ᠪᠠᠷ ᠳᠤᠮᠳᠠᠳᠤ ᠸᠢᠶᠧᠳ᠋ᠨᠠᠮ ᠤᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠶᠡᠭᠡ ᠴᠢᠭᠯᠡᠯ ᠢ ᠰᠠᠶᠢᠲᠤᠷ ᠪᠠᠷᠢᠮᠲᠠᠯᠠᠵᠤ ᠂ ᠰᠠᠶᠢᠲᠤᠷ ᠠᠳᠬᠤᠨ᠂ ᠬᠤᠶᠠᠷ ᠤᠯᠤᠰ ᠤᠨ ᠬᠠᠷᠢᠯᠴᠠᠭ᠎ᠠ ᠪᠠᠨ ᠬᠥᠭᠵᠢᠭᠦᠯᠬᠦ ᠶᠢ ᠢᠮᠠᠭᠲᠠ ᠲᠤᠰ ᠤᠯᠤᠰ ᠤᠨ ᠢᠶᠠᠨ ᠭᠠᠳᠠᠭᠠᠳᠤ ᠬᠠᠷᠢᠯᠴᠠᠭᠠᠨ ᠤ ᠲᠡᠷᠢᠭᠦᠨ ᠪᠠᠶᠢᠷᠢᠨ ᠳᠤ ᠲᠠᠯᠪᠢᠨ᠎ᠠ ᠃ ᠬᠤᠶᠠᠷ ᠲᠠᠯ᠎ᠠ ᠪᠠᠷ ᠢᠶᠠᠨ ᠠᠵᠤ ᠠᠬᠤᠢ ᠶᠢᠨ ᠬᠠᠷᠢᠯᠴᠠᠨ ᠨᠥᠬᠦᠪᠦᠷᠢᠯᠡᠬᠦ ᠳᠠᠪᠠᠭᠤᠯᠢᠭ ᠢᠶᠠᠨ ᠭᠦᠢᠴᠡᠳ ᠰᠠᠶᠢᠲᠤᠷ ᠠᠰᠢᠭᠯᠠᠵᠤ ᠂ ︽ ᠨᠢᠭᠡ ᠪᠦᠰᠡ ᠨᠢᠭᠡ ᠵᠠᠮ ︾ ᠪᠠ ︽ ᠬᠤᠶᠠᠷ ᠬᠤᠩᠭᠢᠯ ᠨᠢᠭᠡ ᠲᠣᠭᠤᠷᠢᠭ ︾᠎ ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠶᠢ ᠨᠠᠶᠢᠳᠠᠪᠤᠷᠢᠵᠢᠭᠤᠯᠬᠤ ᠪᠠᠷ ᠭᠤᠣᠯ ᠰᠢᠵᠢᠮ ᠪᠣᠯᠭᠠᠵᠤ ᠂ ᠠᠷᠠᠯᠵᠢᠶᠠᠨ ᠤ ᠪᠡᠯᠡ ᠣᠷᠣᠭᠤᠯᠤᠯᠲᠠ ᠶᠢᠨ ᠬᠡᠪᠴᠢᠶ᠎ᠡ ᠪᠠᠨ ᠲᠠᠰᠤᠷᠠᠯᠳᠡ ᠦᠭᠡᠢ ᠦᠷᠭᠡᠳᠬᠡᠨ᠂ ᠬᠤᠯᠪᠣᠯᠳᠤᠨ ᠨᠡᠪᠲᠡᠷᠡᠯᠴᠡᠬᠦ ᠪᠠᠨ ᠴᠢᠨᠠᠭᠰᠢᠳᠠ ᠴᠢᠩᠭᠠᠳᠬᠠᠵᠤ ᠂ ᠰᠢᠨ᠎ᠡ ᠡᠨᠧᠷᠭᠢ ᠂ ᠲᠣᠭᠠᠴᠢᠯᠠᠭᠰᠠᠨ ᠠᠵᠤ ᠠᠬᠤᠢ ᠵᠡᠷᠭᠡ ᠬᠠᠮᠲᠤᠷᠠᠯᠴᠠᠭᠠᠨ ᠤ ᠰᠢᠨ᠎ᠡ ᠨᠡᠮᠡᠭᠳᠡᠯ ᠴᠡᠭ ᠢ ᠦᠷᠭᠦᠯᠵᠢᠯᠡᠨ ᠡᠭᠦᠳᠴᠦ ᠂ ᠬᠤᠶᠠᠷ ᠤᠯᠤᠰ ᠤᠨ ᠠᠷᠠᠳ ᠲᠦᠮᠡᠨ ᠳᠤ ᠠᠰᠢᠭ ᠬᠦᠷᠲᠡᠭᠡᠬᠦ ᠨᠡᠩ ᠤᠯᠠᠨ ᠬᠠᠮᠲᠤᠷᠠᠯᠴᠠᠭᠠᠨ ᠤ ᠦᠷ᠎ᠡ ᠪᠦᠲᠦᠭᠡᠯ ᠢ ᠴᠢᠷᠮᠠᠶᠢᠨ ᠣᠯᠬᠤ ᠬᠡᠷᠡᠭᠲᠡᠢ ᠃ ᠳᠤᠮᠳᠠᠳᠤ ᠤᠯᠤᠰ ᠳᠤᠷᠠᠲᠠᠶ᠎ᠠ ᠸᠢᠶᠧᠳ᠋ᠨᠠᠮ ᠲᠠᠢ ᠵᠢᠭᠤᠯᠴᠢᠯᠠᠯ᠂ ᠡᠮᠴᠢᠯᠡᠭᠡ᠂ ᠰᠤᠷᠭᠠᠨ ᠬᠥᠮᠦᠵᠢᠯ ᠂ ᠵᠠᠯᠠᠭᠤᠴᠤᠳ ᠵᠡᠷᠭᠡ ᠬᠦᠷᠢᠶᠡᠨ ᠳᠠᠬᠢ ᠰᠣᠶᠣᠯ ᠢᠷᠭᠡᠨᠰᠢᠯ ᠤᠨ ᠰᠣᠯᠢᠯᠴᠠᠭ᠎ᠠ ᠪᠠᠨ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠨᠥᠬᠦᠷᠯᠡᠯ ᠤᠨ ᠠᠷᠠᠳ ᠤᠨ ᠰᠠᠨᠠᠭᠠᠨ ᠤ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠦᠨ᠎ᠡ ᠭᠡᠵᠦ ᠵᠢᠭᠠᠵᠤ ᠭᠠᠷᠭᠠᠪᠠ ᠃ᠹᠠᠨ ᠮᠢᠩ ᠵᠧᠩ ᠯᠢ ᠴᠢᠶᠠᠩ ᠳᠤ ᠶᠡᠷᠦᠩᠬᠡᠢ ᠱᠦᠵᠢ ᠷᠤᠸᠠᠨ ᠹᠦ᠋ ᠵᠦᠩ ᠪᠣᠯᠣᠨ ᠤᠯᠤᠰ ᠤᠨ ᠲᠡᠷᠢᠭᠦᠯᠡᠭᠴᠢ ᠰᠤ᠋ ᠯᠢᠨ ᠤ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠳᠤ ᠬᠦᠷᠭᠡᠭᠰᠡᠨ ᠴᠢᠩ ᠰᠡᠳᠬᠢᠯ ᠤᠨ ᠮᠡᠨᠳᠦᠴᠢᠯᠡᠯ ᠢ ᠳᠠᠮᠵᠢᠭᠤᠯᠬᠤ ᠶᠢ ᠬᠦᠰᠡᠪᠡ ᠃ ᠹᠠᠨ ᠮᠢᠩ ᠵᠧᠩ ᠂ ᠸᠢᠶᠧᠳ᠋ᠨᠠᠮ ᠳᠤᠮᠳᠠᠳᠤ ᠶᠢᠨ ᠤᠷᠳᠤ ᠬᠤᠭᠤᠴᠠᠭᠠᠨ ᠤ ᠨᠥᠬᠦᠷᠰᠡᠭ ᠬᠠᠮᠲᠤᠷᠠᠯᠴᠠᠭ᠎ᠠ ᠶᠢ ᠴᠢᠩᠭᠠᠳᠬᠠᠬᠤ ᠪᠣᠯ ᠸᠢᠶᠧᠳ᠋ᠨᠠᠮ ᠤᠨ ᠭᠠᠳᠠᠭᠠᠳᠤ ᠬᠠᠷᠢᠯᠴᠠᠭᠠᠨ ᠤ ᠲᠦᠷᠦ ᠶᠢᠨ ᠪᠣᠳᠣᠯᠭ᠎ᠠ ᠶᠢᠨ ᠪᠤᠰᠤᠳᠴᠢ ᠱᠠᠭᠠᠷᠳᠠᠯᠭ᠎ᠠ ᠂ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠪᠠ ᠲᠡᠷᠢᠭᠦᠨ ᠴᠢᠬᠤᠯᠠ ᠶᠠᠪᠤᠳᠠᠯ ᠪᠣᠯᠣᠨ᠎ᠠ ᠃ ᠸᠢᠶᠧᠳ᠋ᠨᠠᠮ ᠤᠯᠤᠰ ᠤᠨ ᠢᠶᠠᠨ ᠲᠤᠰᠠᠭᠠᠷ ᠲᠣᠭᠲᠠᠨᠢᠯ ᠪᠠ ᠨᠢᠭᠡᠳᠦᠯ ᠢᠶᠠᠨ ᠪᠡᠶᠡᠯᠡᠭᠦᠯᠬᠦ ᠂ ᠤᠯᠤᠰ ᠤᠨ ᠢᠶᠠᠨ ᠠᠵᠤ ᠠᠬᠤᠢ ᠨᠡᠶᠢᠭᠡᠮ ᠤᠨ ᠬᠥᠭᠵᠢᠯᠲᠡ ᠪᠠᠨ ᠠᠬᠢᠭᠤᠯᠬᠤ ᠳᠤ ᠳᠤᠮᠳᠠᠳᠤ ᠤᠯᠤᠰ ᠬᠦᠴᠦᠲᠡᠢ ᠳᠡᠮᠵᠢᠭᠰᠡᠨ ᠢ ᠢᠮᠠᠭᠲᠠ ᠪᠠᠲᠤ ᠴᠡᠭᠡᠵᠢᠯᠡᠭᠰᠡᠭᠡᠷ ᠢᠷᠡᠭᠰᠡᠨ ᠪᠥᠭᠡᠳ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ ᠃ ᠸᠢᠶᠧᠳ᠋ᠨᠠᠮ ᠤᠯᠤᠰ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠡᠷᠡᠰ ᠪᠠᠷᠢᠮᠲᠠᠯᠠᠵᠤ᠂ ᠳᠤᠮᠳᠠᠳᠤ ᠤᠯᠤᠰ ᠤᠨ ᠬᠦᠴᠦᠷᠬᠡᠭᠵᠢᠨ ᠬᠥᠭᠵᠢᠬᠦ ᠶᠢ ᠳᠡᠮᠵᠢᠵᠦ᠂ ᠳᠤᠮᠳᠠᠳᠤ ᠤᠯᠤᠰ ᠤᠯᠤᠰ ︽ ᠪᠦᠬᠦ ᠲᠠᠯ᠎ᠠ ᠶᠢᠨ ᠬᠢᠭᠡᠳ ᠲᠠᠪᠰᠢᠯᠳᠠ ᠲᠠᠢ ᠨᠣᠮᠣᠬᠠᠨ ᠳᠠᠯᠠᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ ︾᠎ ᠲᠤ ᠣᠷᠣᠯᠴᠠᠬᠤ ᠶᠢ ᠳᠡᠮᠵᠢᠨ᠂ ᠳᠤᠷᠠᠲᠠᠶ᠎ᠠ ᠳᠤᠮᠳᠠᠳᠤ ᠤᠯᠤᠰ ᠲᠠᠢ ᠬᠠᠮᠲᠤ ᠪᠠᠷ ᠬᠤᠶᠠᠷ ᠨᠠᠮ ᠬᠤᠶᠠᠷ ᠤᠯᠤᠰ ᠤᠨ ᠬᠠᠮᠤᠭ ᠤᠨ ᠳᠡᠭᠡᠳᠦ ᠤᠳᠤᠷᠢᠳᠬᠤ ᠬᠦᠮᠦᠰ ᠤᠨ ᠴᠢᠬᠤᠯᠠ ᠬᠠᠮᠲᠤ ᠶᠢᠨ ᠲᠠᠨᠢᠯᠲᠠ ᠶᠢ ᠨᠠᠶᠢᠳᠠᠪᠤᠷᠢᠵᠢᠭᠤᠯᠵᠤ ᠂ ᠡᠯ᠎ᠡ ᠬᠦᠷᠢᠶᠡᠨ ᠳᠠᠬᠢ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠸᠢᠶᠧᠳ᠋ᠨᠠᠮ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠨᠡᠩ ᠡᠯᠪᠡᠭ ᠪᠠᠶᠠᠯᠢᠭ ᠦᠷ᠎ᠡ ᠪᠦᠲᠦᠭᠡᠯ ᠣᠯᠬᠤ ᠶᠢ ᠠᠬᠢᠭᠤᠯᠤᠨ᠎ᠠ ᠃ ᠳᠤᠮᠳᠠᠳᠤ ᠤᠯᠤᠰ ᠤᠨ ᠬᠥᠭᠵᠢᠯᠲᠡ ᠨᠢ ᠸᠢᠶᠧᠳ᠋ᠨᠠᠮ ᠢ ᠪᠠᠭᠲᠠᠭᠠᠭᠰᠠᠨ ᠥᠷᠭᠡᠨ ᠤᠯᠠᠨ ᠬᠥᠭᠵᠢᠵᠦ ᠪᠠᠶᠢᠭ᠎ᠠ ᠤᠯᠤᠰ ᠤᠳ ᠲᠤ ᠦᠯᠢᠭᠡᠷ ᠵᠢᠱᠢᠶ᠎ᠡ ᠪᠣᠯᠵᠠᠢ᠃ ᠶᠡᠷᠦᠩᠬᠡᠢ ᠱᠦᠵᠢ ᠰᠢ ᠶᠢᠨ ᠫᠢᠩ ᠤᠨ ᠤᠳᠤᠷᠢᠳᠤᠯᠭ᠎ᠠ ᠳᠣᠣᠷ᠎ᠠ ᠂ ᠳᠤᠮᠳᠠᠳᠤ ᠤᠯᠤᠰ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠵᠠᠮ ᠳᠡᠭᠡᠷ᠎ᠡ ᠨᠡᠩ ᠶᠡᠭᠡ ᠠᠮᠵᠢᠯᠲᠠ ᠣᠯᠵᠤ ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠶᠢ ᠢᠲᠡᠭᠡᠵᠦ ᠪᠠᠶᠢᠨ᠎ᠠ ᠭᠡᠵᠦ ᠢᠯᠡᠳᠬᠡᠪᠡ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2