ᠯᠢ ᠴᠢᠶᠠᠩ 2024 ᠣᠨ ᠤ ᠵᠤᠨ ᠤ ᠤᠯᠠᠷᠢᠯ ᠤᠨ ᠳ᠋ᠠᠸᠦᠰ ᠤᠨ ᠶᠠᠷᠢᠶᠠᠨ ᠤ ᠲᠠᠪᠴᠠᠩ ᠤᠨ ᠭᠠᠳᠠᠭᠠᠳᠤ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2024/6/28
    ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 6 ᠳ᠋ᠤᠭᠠᠷ ᠰᠠᠷ᠎ᠠ ᠶᠢᠨ 25᠎ ᠤ ᠡᠳᠦᠷ ᠤᠨ ᠦᠳᠡ ᠶᠢᠨ ᠬᠤᠶᠢᠨ᠎ᠠ ᠳ᠋ᠠᠯᠢᠶᠠᠨ ᠳᠤ 2024 ᠣᠨ ᠤ ᠵᠤᠨ ᠤ ᠤᠯᠠᠷᠢᠯ ᠤᠨ ᠳ᠋ᠠᠸᠦᠰ ᠤᠨ ᠶᠠᠷᠢᠶᠠᠨ ᠤ ᠲᠠᠪᠴᠠᠩ ᠤᠨ ᠭᠠᠳᠠᠭᠠᠳᠤ ᠶᠢᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢᠳ ᠤᠨ ᠰᠠᠭᠤᠳᠠᠯ ᠤᠨ ᠬᠤᠷᠠᠯ ᠳᠤ ᠣᠷᠣᠯᠴᠠᠪᠠ᠃    ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢ ᠶᠢᠨ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠯᠢ ᠴᠢᠶᠠᠩ ᠢᠯᠡᠷᠬᠡᠶᠢᠯᠡᠬᠦ ᠳᠤ ᠪᠠᠨ ᠂ ᠳᠤᠮᠳᠠᠳᠤ ᠳᠤ ᠪᠠᠶᠢᠭ᠎ᠠ ᠭᠠᠳᠠᠭᠠᠳᠤ ᠶᠢᠨ ᠠᠵᠤ ᠠᠬᠤᠶᠢᠯᠠᠯ ᠤᠳ ᠤᠨ ᠠᠮᠵᠢᠯᠲᠠ ᠬᠢᠭᠡᠳ ᠳᠤᠮᠳᠠᠳᠤ ᠤᠯᠤᠰ ᠤᠨ ᠠᠵᠤ ᠠᠬᠤᠢ ᠶᠢᠨ ᠬᠦᠭᠵᠢᠯᠲᠡ ᠨᠢᠭᠲᠠ ᠬᠠᠷᠢᠯᠴᠠᠭ᠎ᠠ ᠲᠠᠢ ᠶᠤᠮ᠃ ᠳᠤᠮᠳᠠᠳᠤ ᠤᠯᠤᠰ ᠤᠨ ᠠᠵᠤ ᠠᠬᠤᠢ ᠶᠢᠨ ᠲᠠᠰᠤᠷᠠᠯᠲᠠ ᠦᠭᠡᠢ ᠰᠠᠶᠢᠵᠢᠷᠠᠯᠲᠠ ᠪᠠ ᠤᠷᠲᠤ ᠬᠤᠭᠤᠴᠠᠭᠠᠨ ᠤ ᠰᠠᠶᠢᠨ ᠬᠠᠨᠳᠤᠰᠢ᠂ ᠳᠤᠮᠳᠠᠳᠤ ᠤᠯᠤᠰ ᠤᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠰᠡᠨ ᠪᠠ ᠭᠦᠨᠵᠡᠭᠡᠢ ᠬᠤᠪᠢᠰᠤᠯᠲᠠ ᠪᠦᠬᠦᠨ ᠨᠢ ᠡᠯ᠎ᠡ ᠤᠯᠤᠰ ᠤᠨ ᠠᠵᠤ ᠠᠬᠤᠶᠢᠯᠠᠯ ᠤᠳ ᠤᠨ ᠦᠰᠦᠯᠲᠡ ᠳᠤ ᠰᠢᠨ᠎ᠡ ᠠᠭᠤᠵᠢᠮ ᠣᠷᠣᠨ ᠵᠠᠢ ᠬᠠᠩᠭᠠᠬᠤ ᠨᠢ ᠯᠠᠪᠲᠠᠢ ᠶᠤᠮ ᠭᠡᠵᠡᠢ ᠃    ᠯᠢ ᠴᠢᠶᠠᠩ ᠣᠳᠣᠬᠠᠨ ᠤ ᠳᠤᠮᠳᠠᠳᠤ ᠤᠯᠤᠰ ᠤᠨ ᠠᠵᠤ ᠠᠬᠤᠢ ᠶᠢᠨ ᠪᠠᠶᠢᠳᠠᠯ ᠪᠠ ᠲᠥᠷᠥ ᠶᠢᠨ ᠪᠣᠳᠣᠯᠭ᠎ᠠ ᠶᠢ ᠲᠠᠨᠢᠯᠴᠠᠭᠤᠯᠪᠠ᠃ ᠲᠡᠷᠡ ᠪᠠᠷ᠂ ᠪᠢᠳᠡ ᠳᠣᠭᠲᠠᠭᠤᠨ ᠤ ᠳᠤᠮᠳᠠ ᠤᠷᠤᠭᠰᠢᠯᠠᠬᠤ᠂ ᠤᠷᠤᠭᠰᠢᠯᠠᠯᠲᠠ ᠪᠠᠷ ᠳᠣᠭᠲᠠᠭᠤᠨ ᠢ ᠠᠬᠢᠭᠤᠯᠬᠤ᠂ ᠤᠷᠢᠳ ᠢᠶᠠᠷ ᠳᠣᠭᠲᠠᠭᠠᠵᠤ ᠳᠠᠷᠠᠭ᠎ᠠ ᠨᠢ ᠳᠠᠪᠠᠭ᠋ᠤ ᠶᠢ ᠪᠠᠷᠢᠮᠲᠠᠯᠠᠵᠤ᠂ ᠬᠤᠷᠸ᠎ᠠ ᠲᠥᠷᠥ ᠶᠢᠨ ᠪᠣᠳᠣᠯᠭ᠎ᠠ ᠶᠢᠨ ᠰᠦᠷᠬᠡᠦ ᠦᠶᠡᠯᠡᠯ ᠤᠨ ᠬᠤᠭᠤᠴᠠᠭ᠎ᠠ ᠪᠠ ᠦᠶᠡᠯᠡᠯ ᠠᠯᠤᠰᠯᠠᠭᠰᠠᠨ ᠳᠣᠬᠢᠷᠠᠭᠤᠯᠤᠯᠲᠠ ᠪᠠᠨ ᠴᠢᠩᠭᠠᠷᠠᠭᠤᠯᠤᠨ᠂ ᠣᠳᠣ ᠳᠤ ᠰᠠᠭᠤᠷᠢᠯᠠᠨ ᠣᠨᠣᠪᠴᠢᠲᠠᠢ ᠪᠠᠷ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠳᠤᠮᠳᠠᠬᠢ ᠳᠣᠪᠤᠶᠢᠮ᠎ᠠ ᠵᠦᠷᠢᠴᠡᠯ ᠪᠠ ᠠᠰᠠᠭᠤᠳᠠᠯ ᠤᠳ ᠢ ᠰᠢᠢᠳᠪᠦᠷᠢᠯᠡᠨ ᠠᠵᠤ ᠠᠬᠤᠢ ᠶᠢᠨ ᠰᠠᠶᠢᠵᠢᠷᠠᠯᠲᠠ ᠰᠠᠶᠢᠨ ᠬᠠᠨᠳᠤᠰᠢ ᠶᠢ ᠪᠠᠬᠢᠵᠢᠭᠦᠯᠬᠦ ᠪᠠ ᠴᠢᠩᠭᠠᠳᠬᠠᠬᠤ ᠪᠠᠷ ᠦᠯᠦ ᠪᠠᠷᠠᠮ ᠠᠯᠤᠰ ᠢ ᠬᠠᠷᠠᠨ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠤᠳ ᠢ ᠲᠥᠪᠯᠡᠷᠡᠭᠦᠯᠦᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠵᠤ᠂ ᠠᠵᠤ ᠠᠬᠤᠢ ᠶᠢᠨ ᠪᠦᠲᠦᠴᠡ ᠪᠠᠨ ᠰᠢᠯᠢᠳᠡᠭᠵᠢᠭᠦᠯᠦᠨ ᠳᠡᠰ ᠳᠡᠪᠰᠢᠬᠦ ᠶᠢ ᠠᠬᠢᠭᠤᠯᠵᠤ᠂ ᠠᠵᠤ ᠠᠬᠤᠢ ᠶᠢᠨ ᠬᠦᠭᠵᠢᠯᠲᠡ ᠶᠢᠨ ᠨᠥᠭᠡᠴᠡ ᠬᠦᠴᠦᠨ ᠢᠶᠠᠨ ᠴᠢᠩᠭᠠᠳᠬᠠᠨ᠎ᠠ᠃ ᠡᠳᠡᠭᠡᠷ ᠲᠥᠷᠥ ᠶᠢᠨ ᠪᠣᠳᠣᠯᠭ᠎ᠠ ᠶᠢᠨ ᠠᠷᠭ᠎ᠠ ᠪᠠᠷᠢᠯ ᠤᠳ ᠤᠨ ᠦᠷ᠎ᠠ ᠪᠦᠲᠦᠮᠵᠢ ᠣᠳᠣ ᠶᠠᠭ ᠢᠯᠡᠷᠡᠵᠦ ᠪᠠᠶᠢᠨ᠎ᠠ᠃ ᠪᠢᠳᠡᠨ ᠳᠤ ᠪᠦᠬᠦ ᠵᠢᠯ ᠤᠨ ᠢᠶᠠᠨ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠵᠢᠱᠢᠭᠰᠡᠨ ᠬᠠᠷᠠᠯᠲᠠ ᠪᠠᠨ ᠪᠡᠶᠡᠯᠡᠭᠦᠯᠬᠦ ᠢᠲᠡᠭᠡᠯ ᠪᠠᠶᠢᠨ᠎ᠠ᠂ ᠮᠥᠨ ᠪᠢᠳᠡᠨ ᠳᠤ ᠳᠤᠮᠳᠠᠳᠤ ᠤᠯᠤᠰ ᠤᠨ ᠠᠵᠤ ᠠᠬᠤᠢ ᠶᠢᠨ ᠤᠷᠲᠤ ᠬᠤᠭᠤᠴᠠᠭᠠᠨ ᠤ ᠰᠠᠶᠢᠨ ᠬᠠᠨᠳᠤᠰᠢ ᠶᠢ ᠪᠠᠲᠤᠯᠠᠵᠤ ᠴᠢᠳᠠᠬᠤ ᠴᠢᠳᠠᠪᠤᠷᠢ ᠪᠤᠢ ᠬᠡᠮᠡᠨ ᠵᠢᠭᠠᠵᠤ ᠭᠠᠷᠭᠠᠵᠠᠢ᠃    ᠯᠢ ᠴᠢᠶᠠᠩ ᠂ ᠠᠵᠤ ᠠᠬᠤᠢ ᠶᠢ ᠬᠥᠭᠵᠢᠭᠦᠯᠬᠦ ᠳᠤ ᠡᠷᠬᠡᠪᠰᠢ ᠪᠣᠳᠠᠲᠤ ᠴᠣᠭᠴᠠ ᠶᠢᠨ ᠠᠵᠤ ᠠᠬᠤᠢ ᠡᠨᠡ ᠬᠦ ᠰᠠᠭᠤᠷᠢ ᠶᠢ ᠪᠠᠬᠢᠵᠢᠭᠦᠯᠬᠦ ᠬᠡᠷᠡᠭᠲᠡᠢ ᠃ ᠪᠢᠳᠡ ᠰᠢᠨᠵᠢᠯᠡᠬᠦ ᠤᠬᠠᠭᠠᠨ ᠮᠡᠷᠭᠡᠵᠢᠯ ᠤᠨ ᠰᠢᠨᠡᠴᠢᠯᠡᠯᠲᠡ ᠪᠠᠷ ᠠᠵᠤ ᠦᠢᠯᠡᠰ ᠤᠨ ᠰᠢᠨᠡᠴᠢᠯᠡᠯᠲᠡ ᠶᠢ ᠳᠠᠭᠠᠭᠤᠯᠬᠤ ᠶᠢ ᠴᠢᠬᠤᠯᠠᠴᠢᠯᠠᠵᠤ ᠂ ᠣᠳᠣᠬᠢᠴᠢᠯᠠᠭᠰᠠᠨ ᠠᠵᠤ ᠦᠢᠯᠡᠰ ᠤᠨ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ᠃ ᠨᠢᠭᠡ ᠲᠠᠯ᠎ᠠ ᠪᠠᠷ ᠰᠢᠨ᠎ᠡ ᠨᠢᠭᠡ ᠡᠭᠡᠯᠵᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠬᠢᠭᠡᠳ ᠠᠵᠤ ᠦᠢᠯᠡᠰ ᠤᠨ ᠬᠤᠪᠢᠰᠤᠯᠲᠠ ᠶᠢᠨ ᠶᠡᠭᠡ ᠬᠠᠨᠳᠤᠰᠢ ᠳᠤ ᠵᠣᠬᠢᠴᠠᠭᠤᠯᠤᠨ᠂ ᠢᠷᠡᠭᠡᠳᠦᠢ ᠶᠢᠨ ᠬᠡᠷᠡᠭᠴᠡᠭᠡ ᠪᠠ ᠤᠯᠤᠰ ᠣᠷᠣᠨ ᠤ ᠳᠠᠪᠠᠭᠤᠯᠢᠭ ᠢ ᠤᠶᠠᠯᠳᠤᠭᠤᠯᠵᠤ᠂ ᠰᠠᠭᠤᠷᠢ ᠰᠤᠳᠤᠯᠭᠠᠨ᠂ ᠬᠡᠷᠡᠭᠯᠡᠭᠡᠨ ᠤ ᠰᠤᠳᠤᠯᠭᠠᠨ ᠵᠢᠴᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠᠨ ᠴᠢᠩᠭᠠᠳᠬᠠᠨ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠪᠠ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠬᠤ ᠶᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠂ ᠲᠡᠷᠢᠭᠦᠨ ᠤ ᠮᠡᠷᠭᠡᠵᠢᠯ ᠢ ᠠᠰᠢᠭᠯᠠᠨ ᠤᠯᠠᠮᠵᠢᠯᠠᠯᠲᠤ ᠠᠵᠤ ᠦᠢᠯᠡᠰ ᠢ ᠡᠷᠴᠢᠮᠯᠡᠵᠦ ᠬᠡᠯᠪᠡᠷᠢ ᠶᠢ ᠨᠢ ᠬᠤᠪᠢᠷᠠᠭᠤᠯᠤᠨ ᠲᠡᠰ ᠳᠡᠪᠰᠢᠭᠦᠯᠵᠦ᠂ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠲᠦᠷᠭᠡᠨ ᠬᠥᠭᠵᠢᠭᠦᠯᠦᠨ᠎ᠡ᠃ ᠨᠥᠭᠦᠭᠡ ᠲᠠᠯ᠎ᠠ ᠪᠠᠷ ᠬᠠᠷᠢᠴᠠᠩᠭᠤᠢ ᠳᠠᠪᠠᠭᠤᠯᠢᠭ ᠢᠶᠠᠨ ᠪᠠᠳᠠᠷᠠᠭᠤᠯᠬᠤ ᠶᠢᠨ ᠳᠠᠭᠠᠤ ᠥᠷᠢᠰᠦᠯᠳᠦᠭᠡᠨ ᠤ ᠳᠠᠪᠠᠭᠤᠯᠢᠭ ᠢ ᠪᠤᠢ ᠪᠣᠯᠭᠠᠨ᠎ᠠ᠃ ᠳᠣᠮᠲᠠᠲᠤ ᠤᠯᠤᠰ ᠤᠨ ᠦᠢᠯᠡᠳᠬᠦᠨ ᠤᠳ ᠦᠷᠢᠰᠦᠯᠳᠦᠬᠦ ᠬᠦᠴᠦᠨ ᠲᠠᠢ ᠪᠠᠶᠢᠭ᠎ᠠ ᠨᠢ ︽ᠨᠥᠬᠦᠵᠤ︾ ᠭᠠᠷᠭᠠᠭᠰᠠᠨ ᠪᠢᠰᠢ᠂ ᠪᠠᠲᠤᠯᠠᠵᠤ︾ ᠭᠠᠷᠭᠠᠭᠰᠠᠨ ᠴᠤ ᠪᠢᠰᠢ᠂ ᠬᠠᠷᠢᠨ ᠭᠠᠳᠠᠭᠠᠳᠤ ᠶᠢᠨ ᠠᠵᠤ ᠠᠬᠤᠶᠢᠯᠠᠯ ᠢ ᠪᠠᠭᠲᠠᠭᠠᠭᠰᠠᠨ ᠡᠯ᠎ᠡ ᠲᠥᠷᠥᠯ ᠤᠨ ᠠᠵᠤ ᠠᠬᠤᠶᠢᠯᠠᠯ ᠤᠳ ᠤᠨ ᠲᠥᠪ ᠭᠤᠣᠯᠴᠢ ᠦᠷᠢᠰᠦᠯᠳᠦᠭᠡᠨ ᠤ ᠳᠤᠮᠳᠠ ᠠᠯᠬᠤᠮ ᠠᠯᠬᠤᠮ ᠢᠶᠠᠷ ᠲᠡᠮᠡᠴᠡᠵᠦ ᠂ ᠠᠵᠢᠯᠯᠠᠵᠤ ᠭᠠᠷᠭᠠᠭᠰᠠᠨ ᠠᠴᠠ ᠶᠤᠮ᠃ ᠪᠢᠳᠡ ᠳᠤᠷᠠᠲᠠᠶ᠎ᠠ ᠡᠯ᠎ᠡ ᠤᠯᠤᠰ ᠤᠨ ᠠᠵᠤ ᠠᠬᠤᠶᠢᠯᠠᠯ ᠤᠳ ᠲᠠᠢ ᠬᠠᠮᠲᠤᠷᠠᠨ ᠴᠢᠷᠮᠠᠶᠢᠵᠤ᠂ ᠪᠦᠬᠦ ᠪᠥᠮᠪᠥᠷᠴᠡᠭ ᠤᠨ ᠠᠵᠤ ᠠᠬᠤᠢ ᠶᠢᠨ ᠰᠢᠨᠡᠴᠢᠯᠡᠯᠲᠡ ᠬᠥᠭᠵᠢᠯᠲᠡ ᠶᠢ ᠨᠡᠩ ᠰᠠᠶᠢᠲᠤᠷ ᠠᠬᠢᠭᠤᠯᠤᠨ᠎ᠠ ᠬᠡᠮᠡᠨ ᠵᠢᠭᠠᠵᠤ ᠭᠠᠷᠭᠠᠪᠠ᠃    ᠯᠢ ᠴᠢᠶᠠᠩ ᠂ ᠠᠵᠤ ᠠᠬᠤᠢ ᠶᠢᠨ ᠠᠮᠢᠵᠢᠷᠠᠯ ᠤᠨ ᠬᠦᠴᠦᠨ ᠬᠢᠷᠢ ᠵᠡᠷᠭᠡ ᠪᠠᠶᠢᠬᠤ ᠶᠢᠨ ᠵᠠᠩᠭᠢᠯᠠᠭ᠎ᠠ ᠨᠢ ᠠᠵᠤ ᠠᠬᠤᠶᠢᠯᠠᠯ ᠠᠴᠠ ᠰᠢᠯᠲᠠᠭᠠᠯᠠᠭᠳᠠᠨ᠎ᠠ᠃ ᠪᠢᠳᠡ ᠵᠢᠱᠢᠯᠲᠡ ᠪᠠᠨ ᠰᠠᠶᠢᠵᠢᠷᠠᠭᠤᠯᠬᠤ ᠂ ᠢᠲᠡᠭᠡᠯ ᠵᠣᠷᠢᠭ ᠢᠶᠠᠨ ᠬᠥᠪᠴᠢᠯᠡᠬᠦ ᠠᠴᠠ ᠭᠠᠷᠳᠠᠨ᠂ ᠵᠠᠬ᠎ᠠ ᠳᠡᠯᠭᠡᠭᠦᠷᠴᠢᠯᠡᠭᠰᠡᠨ ᠂ ᠬᠠᠤᠯᠢᠵᠢᠭᠰᠠᠨ ᠂ ᠳᠡᠯᠡᠬᠡᠶᠢᠴᠢᠯᠡᠭᠰᠡᠨ ᠲᠡᠷᠢᠭᠦᠨ ᠤ ᠬᠤᠳᠠᠯᠳᠤᠭᠠᠨ ᠤ ᠣᠷᠴᠢᠨ ᠨᠥᠬᠦᠴᠡᠯ ᠪᠦᠷᠢᠯᠳᠦᠭᠦᠯᠬᠦ ᠶᠢ ᠪᠠᠷᠢᠮᠲᠠᠯᠠᠵᠤ᠂ ᠶᠡᠭᠡ ᠬᠦᠴᠦ ᠵᠠᠷᠤᠴᠠᠭᠤᠯᠤᠨ ᠪᠦᠬᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠪᠠᠶᠢᠭᠤᠯᠬᠤ ᠶᠢ ᠠᠬᠢᠭᠤᠯᠤᠨ᠂ ᠡᠯ᠎ᠡ ᠲᠦᠷᠦᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ ᠪᠢᠳᠡ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠪᠠᠨ ᠦᠷᠭᠦᠯᠵᠢᠯᠡᠨ ᠥᠷᠭᠡᠳᠬᠡᠵᠦ᠂ ᠵᠠᠬ᠎ᠠ ᠳᠡᠯᠭᠡᠭᠦᠷ ᠲᠤ ᠣᠷᠣᠭᠤᠯᠬᠤ ᠵᠥᠪᠰᠢᠶᠡᠷᠡᠯ ᠢᠶᠠᠨ ᠴᠢᠨᠠᠭᠰᠢᠳᠠ ᠤᠯᠠᠮ ᠠᠭᠤᠵᠢᠭᠤ ᠲᠠᠯᠪᠢᠵᠤ ᠂ ᠭᠠᠳᠠᠭᠠᠳᠤ ᠪᠡᠯᠡ ᠶᠢᠨ ᠦᠢᠯᠡᠳᠬᠦ ᠦᠢᠯᠡᠰ ᠤᠨ ᠬᠦᠷᠢᠶᠡᠨ ᠳᠤ ᠣᠷᠣᠬᠤ ᠵᠥᠪᠰᠢᠶᠡᠷᠡᠯ ᠤᠨ ᠬᠢᠵᠠᠭᠠᠷᠯᠠᠯ ᠢ ᠪᠥᠬᠦ ᠲᠠᠯ᠎ᠠ ᠪᠠᠷ ᠴᠤᠴᠠᠯᠬᠤ ᠪᠠᠨ ᠰᠠᠶᠢᠲᠤᠷ ᠨᠠᠶᠢᠳᠠᠪᠤᠷᠢᠵᠢᠭᠤᠯᠤᠨ᠎ᠠ᠂ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠳᠦᠷᠢᠮ ᠤᠨ ᠬᠡᠯᠪᠡᠷᠢᠲᠦ ᠨᠡᠭᠡᠭᠡᠯᠲᠡ ᠶᠢ ᠯᠠᠪᠳᠠᠭᠤᠨ ᠢᠶᠠᠷ ᠥᠷᠭᠡᠳᠬᠡᠵᠦ ᠂ ᠡᠯ᠎ᠡ ᠤᠯᠤᠰ ᠤᠨ ᠪᠡᠯᠡ ᠣᠷᠣᠭᠤᠯᠤᠭᠴᠢᠳ ᠲᠤ ᠨᠠᠩ ᠣᠯᠠᠨ ᠠᠵᠠ ᠲᠣᠬᠢᠶᠠᠯ ᠂ ᠨᠠᠩ ᠰᠠᠶᠢᠨ ᠣᠷᠴᠢᠨ ᠨᠥᠬᠦᠴᠡᠯ ᠢ ᠬᠠᠩᠭᠠᠨ᠎ᠠ ᠃ ᠡᠯ᠎ᠡ ᠤᠯᠤᠰ ᠤᠨ ᠠᠵᠤ ᠠᠬᠤᠶᠢᠯᠠᠯᠲᠠᠳ ᠤᠨ ᠠᠵᠤ ᠠᠬᠤᠢ ᠶᠢᠨ ᠳᠡᠯᠡᠬᠡᠶᠢᠴᠢᠯᠡᠯᠲᠡ ᠪᠠ ᠴᠢᠯᠦᠭᠡᠲᠦ ᠠᠷᠠᠯᠵᠢᠶ᠎ᠠ ᠶᠢ ᠡᠷᠡᠰ ᠳᠡᠮᠵᠢᠬᠦ ᠶᠢ ᠬᠦᠰᠡᠵᠦ ᠪᠠᠶᠢᠨ᠎ᠠ᠃ ᠲᠠ ᠨᠠᠷ ᠤᠨ ᠳᠤᠮᠳᠠᠳᠤ ᠤᠯᠤᠰ ᠲᠤ ᠪᠡᠯᠡ ᠣᠷᠣᠭᠤᠯᠵᠤ ᠂ ᠳᠤᠮᠳᠠᠳᠤ ᠤᠯᠤᠰ ᠲᠤ ᠬᠦᠭᠵᠢᠵᠦ᠂ ᠳᠤᠮᠳᠠᠳᠤ ᠤᠯᠤᠰ ᠤᠨ ᠴᠢᠨᠠᠷ ᠰᠠᠶᠢᠲᠠᠢ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠬᠦᠷᠲᠡᠬᠦ ᠶᠢ ᠴᠢᠨᠢ ᠪᠠᠶᠠᠷᠯᠠᠨ ᠤᠭᠲᠤᠵᠤ ᠪᠠᠶᠢᠨ᠎ᠠ ᠬᠡᠮᠡᠨ ᠴᠢᠬᠤᠯᠠᠴᠢᠯᠠᠭᠰᠠᠨ ᠪᠠᠶᠢᠨ᠎ᠠ᠃    ᠶᠠᠷᠢᠯᠴᠠᠬᠤ ᠬᠤᠷᠠᠯ ᠢ ᠳᠡᠯᠡᠬᠡᠢ ᠶᠢᠨ ᠠᠵᠤ ᠠᠬᠤᠢ ᠶᠢᠨ ᠶᠠᠷᠢᠶᠠᠨ ᠤ ᠲᠠᠪᠴᠠᠩ ᠤᠨ ᠲᠡᠷᠢᠭᠦᠯᠡᠭᠴᠢ ᠱᠸᠠᠪ ᠡᠷᠭᠢᠯᠡᠵᠦ᠂ 40 ᠰᠢᠬᠠᠮ ᠤᠯᠤᠰ ᠪᠠ ᠭᠠᠵᠠᠷ ᠣᠷᠣᠨ ᠤ 200 ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢ ᠣᠷᠣᠯᠴᠠᠵᠠᠢ᠃ ᠬᠤᠷᠠᠯ ᠳᠤ ᠣᠷᠣᠯᠴᠠᠭᠰᠠᠨ ᠦᠢᠯᠡᠳᠪᠦᠷᠢ ᠬᠤᠳᠠᠯᠳᠤᠭᠠᠨ ᠤ ᠡᠲᠡᠭᠡᠳ ᠤᠨ ᠲᠥᠯᠥᠭᠡᠯᠡᠭᠴᠢ ᠶᠠᠷᠢᠶ᠎ᠠ ᠲᠠᠯᠪᠢᠭᠰᠠᠨ ᠪᠥᠭᠡᠳ ᠰᠠᠨᠠᠭᠤᠯᠭ᠎ᠠ ᠳᠤᠷᠠᠳᠴᠤ ᠂ ᠳᠤᠮᠳᠠᠳᠤ ᠤᠯᠤᠰ ᠲᠤ ᠪᠠᠶᠢᠭ᠎ᠠ ᠭᠠᠳᠠᠭᠠᠳᠤ ᠶᠢᠨ ᠠᠵᠤ ᠠᠬᠤᠶᠢᠯᠠᠯ ᠤᠳ ᠤᠷᠳᠤ ᠬᠤᠭᠤᠴᠠᠭᠠᠨ ᠤ ᠲᠤᠷᠰᠢ ᠳᠤᠮᠳᠠᠳᠤ ᠤᠯᠤᠰ ᠤᠨ ᠠᠵᠤ ᠠᠬᠤᠢ ᠶᠢᠨ ᠬᠥᠭᠵᠢᠯᠲᠡ ᠳᠤ ᠣᠯᠣᠭᠰᠠᠨ ᠯᠤᠲᠤ ᠶᠡᠭᠡ ᠠᠮᠵᠢᠯᠲᠠ ᠶᠢ ᠭᠡᠷᠡᠴᠢᠯᠡᠵᠦ ᠂ ᠳᠤᠮᠳᠠᠳᠤ ᠤᠯᠤᠰ ᠤᠨ ᠵᠠᠰᠠᠭ ᠤᠨ ᠣᠷᠳᠣᠨ ᠤ ᠤᠯᠤᠰ ᠤᠨ ᠳᠣᠲᠣᠭᠠᠳᠤ ᠶᠢᠨ ᠬᠤᠳᠠᠯᠳᠤᠭᠠᠨ ᠤ ᠣᠷᠴᠢᠨ ᠨᠥᠬᠦᠴᠡᠯ ᠢᠶᠠᠨ ᠰᠠᠶᠢᠵᠢᠷᠠᠭᠤᠯᠬᠤ ᠳᠤ ᠭᠠᠷᠭᠠᠭᠰᠠᠨ ᠴᠢᠷᠮᠠᠶᠢᠯᠭ᠎ᠠ ᠶᠢ ᠨᠢ ᠱᠠᠭᠰᠢᠨ᠂ ᠳᠤᠮᠳᠠᠳᠤ ᠤᠯᠤᠰ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢᠶᠠᠨ ᠬᠥᠭᠵᠢᠭᠦᠯᠬᠦ ᠶᠢ ᠨᠢ ᠳᠡᠮᠵᠢᠬᠦ ᠮᠥᠷᠲᠡᠭᠡᠨ ᠢᠳᠡᠪᠬᠢᠲᠡᠢ ᠣᠷᠣᠯᠴᠠᠨ᠂ ᠳᠤᠮᠳᠠᠳᠤ ᠤᠯᠤᠰ ᠲᠤ ᠪᠡᠯᠡ ᠣᠷᠣᠭᠤᠯᠤᠨ ᠦᠢᠯᠡᠰ ᠢᠶᠠᠨ ᠬᠥᠭᠵᠢᠭᠦᠯᠵᠦ ᠂ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠠᠬᠢᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠢᠯᠡᠷᠬᠡᠶᠢᠯᠡᠵᠡᠢ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2