︽ᠦᠨᠡᠨ︾ ᠰᠡᠳᠬᠦᠯ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠣᠬᠢᠶᠠᠯ ᠢ ᠨᠡᠶᠢᠲᠡᠯᠡᠪᠡ ︽ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ︾
ᠨᠡᠶᠢᠲᠡᠯᠡᠭᠰᠡᠨ ᠴᠠᠭ᠄
2024/6/5
    ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 31᠎ ᠤ ᠴᠠᠭᠢᠯᠭᠠᠨ ᠮᠡᠳᠡᠭᠡ 6 ᠰᠠᠷ᠎ᠠ ᠶᠢᠨ 1᠎ ᠤ ᠡᠳᠦᠷ ᠬᠡᠪᠯᠡᠭᠳᠡᠬᠦ 11 ᠳ᠋ᠦ᠋ᠭᠡᠷ ᠬᠤᠭᠤᠴᠠᠭᠠᠨ ᠤ ︽ ᠦᠨᠡᠨ ︾ ᠰᠡᠳᠬᠦᠯ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠂ ᠤᠯᠤᠰ ᠤᠨ ᠲᠡᠷᠢᠭᠦᠯᠡᠭᠴᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠤᠨ ︽ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ ︾ ᠭᠡᠬᠦ ᠴᠢᠬᠤᠯᠠ ᠵᠣᠬᠢᠶᠠᠯ ᠢ ᠨᠡᠶᠢᠲᠡᠯᠡᠪᠡ ᠃    ᠵᠣᠬᠢᠶᠠᠯ ᠳᠤ ᠂ ᠰᠢᠨ᠎ᠡ ᠴᠠᠭ ᠦᠶ᠎ᠡ ᠳᠤ ᠣᠷᠣᠭᠰᠠᠨ ᠠᠴᠠ ᠨᠠᠭᠠᠰᠢ ᠂ ᠨᠠᠮ ᠤᠨ ᠲᠥᠪ ᠬᠤᠷᠢᠶ᠎ᠠ ᠠᠯᠢ ᠤᠯᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠬᠢᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠪᠦᠭᠦ ᠨᠠᠮ ᠪᠦᠭᠦ ᠨᠡᠶᠢᠭᠡᠮ ᠤᠨ ᠬᠠᠮᠲᠤ ᠶᠢᠨ ᠲᠠᠨᠢᠯᠲᠠ ᠪᠠ ᠤᠬᠠᠮᠰᠠᠷᠲᠤ ᠠᠵᠢᠯᠯᠠᠭ᠎ᠠ ᠪᠣᠯᠵᠤ ᠂ ᠴᠢᠨᠠᠷ ᠰᠠᠶᠢᠲᠠᠢ ᠬᠥᠭᠵᠢᠯᠲᠡ ᠨᠢ ᠭᠤᠣᠯ ᠭᠦᠭ ᠠᠶᠠᠰ ᠪᠣᠯᠪᠠ ᠃ ᠡᠭᠦᠨ ᠤ ᠵᠡᠷᠭᠡ ᠪᠠᠷ ᠂ ᠴᠢᠨᠠᠷ ᠰᠠᠶᠢᠲᠠᠢ ᠬᠥᠭᠵᠢᠯᠲᠡ ᠶᠢ ᠬᠦᠯᠢᠶᠡᠰᠦᠯᠡᠬᠦ ᠡᠯᠧᠮᠧᠨ᠋ᠲ ᠪᠠᠰᠠ ᠶᠡᠭᠡ ᠬᠡᠮᠵᠢᠶ᠎ᠡ ᠪᠠᠷ ᠣᠷᠣᠰᠢᠵᠤ ᠪᠠᠶᠢᠨ᠎ᠠ ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠦᠨᠡᠨ ᠬᠦ ᠰᠢᠢᠳᠪᠦᠷᠢᠯᠡᠬᠦ ᠬᠡᠷᠡᠭᠲᠡᠢ ᠃ ᠪᠢᠳᠡ ᠡᠷᠬᠡᠪᠰᠢ ᠴᠢᠨᠠᠷ ᠰᠠᠶᠢᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠶᠢᠨ ᠬᠠᠲᠠᠭᠤ ᠶᠣᠰᠣ ᠮᠥᠨ ᠭᠡᠳᠡᠭ ᠢ ᠪᠠᠲᠤ ᠴᠡᠭᠡᠵᠢᠯᠡᠵᠦ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠵᠥᠪ ᠣᠨᠣᠪᠴᠢᠲᠠᠶ ᠂ ᠪᠦᠭᠦ ᠲᠠᠯ᠎ᠠ ᠪᠠᠷ ᠲᠤᠭᠤᠰᠢᠯᠠᠭᠤᠯᠵᠤ ᠂ ᠣᠳᠣᠬᠢᠴᠢᠯᠠᠭᠰᠠᠨ ᠠᠵᠤ ᠠᠬᠤᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠬᠤ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠬᠤ ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠬᠤ ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠬᠦ ᠵᠡᠷᠭᠡ ᠪᠠᠶᠢᠯᠳᠤᠬᠤ ᠪᠣᠳᠣᠯᠭ᠎ᠠ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠰᠢᠯᠭᠠᠨ ᠦᠨᠡᠯᠡᠬᠦ ᠰᠢᠰᠲ᠋ᠧᠮ ᠢ ᠲᠡᠭᠦᠯᠳᠡᠷᠵᠢᠭᠦᠯᠵᠦ ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠵᠦ ᠴᠢᠬᠤᠯᠠᠴᠢᠯᠠᠪᠠ ᠃    ᠵᠣᠬᠢᠶᠠᠯ ᠳᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠪᠠ ᠴᠢᠬᠤᠯᠠ ᠬᠦᠴᠦᠯᠡᠬᠦ ᠴᠡᠭ ᠮᠥᠨ ᠃ ᠪᠢ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠭᠡᠬᠦ ᠡᠨᠡ ᠬᠦ ᠤᠬᠠᠭᠳᠠᠬᠤᠨ ᠪᠠ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠡᠨᠡ ᠬᠦ ᠴᠢᠬᠤᠯᠠ ᠶᠡᠭᠡ ᠡᠭᠦᠷᠭᠡ ᠶᠢ ᠳᠤᠷᠠᠳᠤᠨ ᠭᠠᠷᠭᠠᠭᠰᠠᠨ ᠤ ᠭᠤᠣᠯ ᠪᠣᠳᠣᠯᠬᠢᠯᠠᠯ ᠪᠣᠯ ᠄ ᠦᠢᠯᠡᠳᠪᠦᠷᠢᠯᠡᠯ ᠤᠨ ᠬᠦᠴᠦᠨ ᠪᠣᠯ ᠬᠥᠮᠥᠨ ᠲᠥᠷᠥᠯᠬᠢᠲᠡᠨ ᠤ ᠨᠡᠶᠢᠭᠡᠮ ᠤᠨ ᠬᠥᠭᠵᠢᠯᠲᠡ ᠶᠢᠨ ᠦᠨᠳᠦᠰᠦᠨ ᠬᠥᠳᠡᠯᠭᠡᠬᠦ ᠬᠦᠴᠦᠨ ᠮᠥᠨ ᠂ ᠪᠠᠰᠠ ᠴᠤ ᠠᠯᠢᠪᠠ ᠨᠡᠶᠢᠭᠡᠮ ᠤᠨ ᠬᠤᠪᠢᠰᠤᠯᠲᠠ ᠪᠠ ᠤᠯᠤᠰ ᠲᠦᠷᠦ ᠶᠢᠨ ᠬᠤᠪᠢᠰᠤᠯᠲᠠ ᠶᠢᠨ ᠡᠴᠦᠰ ᠤᠨ ᠰᠢᠯᠲᠠᠭᠠᠨ ᠮᠥᠨ ᠃ ᠴᠢᠨᠠᠷ ᠰᠠᠶᠢᠲᠠᠢ ᠬᠥᠭᠵᠢᠯᠲᠡ ᠨᠢ ᠰᠢᠨ᠎ᠡ ᠦᠢᠯᠡᠳᠪᠦᠷᠢᠯᠡᠯ ᠤᠨ ᠬᠦᠴᠦᠨ ᠤ ᠤᠨᠤᠯ ᠢᠶᠠᠷ ᠵᠢᠯᠣᠭᠤᠳᠤᠭᠤᠯᠬᠤ ᠶᠢ ᠱᠠᠭᠠᠷᠳᠠᠵᠤ ᠂ ᠬᠠᠷᠢᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠦᠢᠯᠡᠳᠦᠯᠭᠡ ᠶᠢᠨ ᠳᠤᠮᠳᠠ ᠨᠢᠭᠡᠨᠲᠡ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠠᠬᠢᠭᠤᠯᠬᠤ ᠬᠦᠴᠦᠨ ᠂ ᠲᠤᠯᠭᠠᠭᠤᠷᠢᠯᠠᠬᠤ ᠬᠦᠴᠦᠨ ᠢ ᠪᠦᠷᠢᠯᠳᠦᠭᠦᠯᠵᠦ ᠥᠭᠭᠦᠭᠰᠡᠨ ᠪᠥᠭᠡᠳ ᠢᠯᠡᠷᠡᠭᠦᠯᠦᠭᠰᠡᠨ ᠪᠠᠶᠢᠨ᠎ᠠ ᠂ ᠪᠢᠳᠡ ᠤᠨᠤᠯ ᠤᠨ ᠲᠠᠯ᠎ᠠ ᠪᠠᠷ ᠳ᠋ᠦᠩᠨᠡᠵᠦ ᠬᠤᠷᠢᠶᠠᠩᠭᠤᠶᠢᠯᠠᠵᠤ ᠪᠠᠶᠢᠭᠠᠳ ᠰᠢᠨ᠎ᠡ ᠬᠥᠭᠵᠢᠯᠲᠡ ᠶᠢᠨ ᠦᠢᠯᠡᠳᠦᠯᠭᠡ ᠶᠢ ᠵᠢᠯᠣᠭᠤᠳᠤᠭᠤᠯᠬᠤ ᠴᠢᠬᠤᠯᠠᠲᠠᠢ ᠶᠤᠮ ᠃ ᠬᠤᠷᠢᠶᠠᠩᠭᠤᠶᠢᠯᠠᠭᠠᠳ ᠬᠡᠯᠡᠪᠡᠯ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯ ᠰᠢᠨ᠎ᠡ ᠶᠢ ᠡᠭᠦᠳᠬᠦ ᠳᠤ ᠭᠤᠣᠯᠯᠠᠬᠤ ᠦᠢᠯᠡᠳᠦᠯ ᠦᠵᠡᠭᠦᠯᠵᠦ ᠂ ᠤᠯᠠᠮᠵᠢᠯᠠᠯᠲᠤ ᠠᠵᠤ ᠠᠬᠤᠢ ᠶᠢᠨ ᠨᠡᠮᠡᠭᠳᠡᠯ ᠤᠨ ᠠᠷᠭ᠎ᠠ ᠮᠠᠶ᠋ᠢᠭ ᠂ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠠᠷᠭ᠎ᠠ ᠵᠠᠮ ᠠᠴᠠ ᠠᠩᠭᠢᠵᠢᠷᠠᠵᠤ ᠂ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠂ ᠥᠨᠳᠥᠷ ᠪᠦᠲᠦᠮᠵᠢᠲᠡᠢ ᠂ ᠴᠢᠨᠠᠷ ᠰᠠᠶᠢᠲᠠᠢ ᠣᠨᠴᠠᠯᠢᠭ ᠲᠠᠢ ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠳᠤ ᠨᠡᠶᠢᠴᠡᠭᠰᠡᠨ ᠲᠡᠷᠢᠭᠦᠨ ᠤ ᠦᠢᠯᠡᠳᠪᠦᠷᠢᠯᠡᠯ ᠤᠨ ᠬᠦᠴᠦᠨ ᠤ ᠶᠠᠰᠤ ᠴᠢᠨᠠᠷ ᠲᠠᠢ ᠪᠠᠶᠢᠳᠠᠯ ᠪᠣᠯᠣᠨ᠎ᠠ ᠃ ᠲᠡᠷᠡ ᠨᠢ ᠮᠡᠷᠭᠡᠵᠢᠯ ᠤᠨ ᠬᠤᠪᠢᠰᠬᠠᠯᠲᠤ ᠴᠢᠨᠠᠷᠲᠠᠢ ᠰᠢᠪᠲᠤᠯᠤᠯᠲᠠ ᠂ ᠦᠢᠯᠡᠳᠪᠦᠷᠢᠯᠡᠯ ᠤᠨ ᠡᠯᠧᠮᠧᠨ᠋ᠲ ᠤᠨ ᠰᠢᠨ᠎ᠡ ᠶᠢ ᠡᠭᠦᠳᠬᠦ ᠴᠢᠨᠠᠷᠲᠠᠢ ᠲᠣᠬᠢᠷᠠᠭᠤᠯᠤᠯᠲᠠ ᠂ ᠠᠵᠤ ᠦᠢᠯᠡᠰ ᠤᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠠᠴᠠ ᠪᠣᠯᠵᠤ ᠪᠤᠶ ᠪᠣᠯᠵᠤ ᠂ ᠬᠥᠳᠡᠯᠮᠦᠷᠢᠴᠢᠨ ᠂ ᠭᠦᠳᠡᠯᠮᠦᠷᠢ ᠶᠢᠨ ᠬᠡᠷᠡᠭᠰᠡᠯ ᠂ ᠭᠦᠳᠡᠯᠮᠦᠷᠢ ᠶᠢᠨ ᠡᠲᠡᠭᠡᠳ ᠵᠢᠴᠢ ᠲᠡᠭᠦᠨ ᠢ ᠰᠢᠯᠢᠳᠡᠭᠵᠢᠭᠦᠯᠦᠨ ᠨᠡᠶᠢᠳᠬᠡᠬᠦ ᠶᠢᠨ ᠦᠰᠦᠷᠦᠯᠲᠡ ᠪᠠᠷ ᠦᠨᠳᠦᠰᠦᠨ ᠠᠭᠤᠯᠤᠭᠳᠠᠬᠤᠨ ᠪᠤᠯᠭᠠᠵᠤ ᠂ ᠪᠦᠭᠦ ᠡᠯᠧᠮᠧᠨ᠋ᠲ ᠤᠨ ᠦᠢᠯᠡᠳᠪᠦᠷᠢᠯᠡᠯ ᠤᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠭᠦ ᠪᠠᠷ ᠭᠤᠣᠯ ᠪᠡᠯᠭᠡ ᠲᠡᠮᠳᠡᠭ ᠪᠤᠯᠭᠠᠵᠤ ᠂ ᠣᠨᠴᠠᠯᠢᠭ ᠨᠢ ᠰᠢᠨ᠎ᠡ ᠶᠢ ᠡᠭᠦᠳᠬᠦ ᠳᠤ ᠪᠠᠶᠢᠵᠤ ᠂ ᠵᠠᠩᠭᠢᠯᠠᠭ᠎ᠠ ᠨᠢ ᠴᠢᠨᠠᠷ ᠰᠠᠶᠢᠲᠠᠢ ᠳᠤ ᠪᠠᠶᠢᠵᠤ ᠂ ᠮᠥᠨ ᠴᠢᠨᠠᠷ ᠨᠢ ᠲᠡᠷᠢᠭᠦᠨ ᠤ ᠦᠢᠯᠡᠳᠪᠦᠷᠢᠯᠡᠯ ᠤᠨ ᠬᠦᠴᠦᠨ ᠳᠤ ᠪᠤᠶ ᠭᠡᠵᠦ ᠵᠢᠭᠠᠵᠤ ᠭᠠᠷᠭᠠᠪᠠ ᠃    ᠵᠣᠬᠢᠶᠠᠯ ᠳᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠢᠯᠡᠷᠬᠡᠢ ᠣᠨᠴᠠᠯᠢᠭ ᠪᠣᠯ ᠰᠢᠨ᠎ᠡ ᠶᠢ ᠡᠭᠦᠳᠬᠦ ᠶᠠᠪᠤᠳᠠᠯ ᠪᠣᠯᠣᠨ᠎ᠠ ᠂ ᠡᠭᠦᠨ ᠳᠤ ᠮᠡᠷᠭᠡᠵᠢᠯ ᠪᠣᠯᠣᠨ ᠡᠵᠡᠩᠨᠡᠯᠲᠡ ᠶᠢᠨ ᠭᠡᠯᠪᠡᠷᠢ ᠶᠢᠨ ᠵᠠᠭᠪᠤᠷ ᠤᠨ ᠲᠠᠯ᠎ᠠ ᠶᠢᠨ ᠰᠢᠨ᠎ᠡ ᠶᠢ ᠡᠭᠦᠳᠬᠦ ᠶᠢ ᠪᠠᠭᠲᠠᠭᠠᠬᠤ ᠪᠥᠭᠡᠳ ᠪᠠᠰᠠ ᠬᠠᠮᠢᠶᠠᠷᠤᠯᠲᠠ ᠪᠣᠯᠣᠨ ᠳᠦᠷᠢᠮ ᠤᠨ ᠲᠠᠯ᠎ᠠ ᠶᠢᠨ ᠰᠢᠨ᠎ᠡ ᠶᠢ ᠡᠭᠦᠳᠬᠦ ᠶᠢ ᠪᠠᠭᠲᠠᠭᠠᠨ᠎ᠠ ᠃ ᠡᠷᠬᠡᠪᠰᠢ ᠰᠢᠨ᠎ᠡ ᠶᠢ ᠡᠭᠦᠳᠬᠦ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ ᠶᠢ ᠠᠬᠢᠭᠤᠯᠬᠤ ᠬᠡᠷᠡᠭᠲᠡᠢ ᠃ ᠨᠢᠭᠡᠳᠦᠭᠡᠷ ᠲᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠶᠡᠭᠡ ᠪᠠᠷ ᠠᠬᠢᠭᠤᠯᠬᠤ ᠬᠡᠷᠡᠭᠲᠡᠢ ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠨᠢ ᠭᠤᠣᠯᠳᠠᠭᠤ ᠮᠡᠷᠭᠡᠵᠢᠯ ᠤᠨ ᠬᠤᠪᠢᠰᠬᠠᠯᠲᠤ ᠴᠢᠨᠠᠷᠲᠠᠢ ᠰᠢᠪᠲᠤᠯᠤᠯᠲᠠ ᠠᠴᠠ ᠪᠤᠢ ᠪᠣᠯᠤᠭᠰᠠᠨ ᠶᠤᠮ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠡᠭᠦᠳᠦᠯᠲᠡ ᠨᠢ ᠰᠢᠨ᠎ᠡ ᠠᠵᠤ ᠦᠢᠯᠡᠰ ᠂ ᠰᠢᠨ᠎ᠡ ᠬᠡᠪ ᠵᠠᠭᠪᠤᠷ ᠂ ᠰᠢᠨ᠎ᠡ ᠬᠥᠳᠡᠯᠭᠡᠬᠦ ᠡᠨᠧᠷᠭᠢ ᠶᠢ ᠪᠤᠢ ᠪᠤᠯᠭᠠᠵᠤ ᠴᠢᠳᠠᠬᠤ ᠪᠥᠭᠡᠳ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠭᠤᠣᠯᠯᠠᠬᠤ ᠬᠦᠴᠦᠨ ᠵᠦᠢᠯ ᠮᠥᠨ ᠃ ᠡᠨᠡ ᠨᠢ ᠪᠢᠳᠡᠨ ᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠢᠯᠠᠩᠭᠤᠶ᠎ᠠ ᠠᠩᠬᠠᠨ ᠤ ᠡᠭᠦᠳᠦᠯᠲᠡ ᠶᠢᠨ ᠴᠢᠨᠠᠷᠲᠠᠢ ᠂ ᠴᠢᠨᠠᠷ ᠤᠨ ᠬᠤᠪᠢᠰᠤᠯᠲᠠ ᠶᠢᠨ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠨ ᠪᠡᠶᠡᠯᠡᠭᠦᠯᠬᠦ ᠶᠢ ᠱᠠᠭᠠᠷᠳᠠᠵᠤ ᠪᠠᠶᠢᠨ᠎ᠠ ᠃ ᠬᠤᠶᠠᠳᠤᠭᠠᠷ ᠲᠤ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠠᠬᠢᠭᠤᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢᠨ ᠢᠯᠡᠷᠡᠬᠦ ᠭᠡᠯᠪᠡᠷᠢ ᠨᠢ ᠰᠢᠨ᠎ᠡ ᠠᠵᠤ ᠦᠢᠯᠡᠰ ᠢ ᠪᠤᠢ ᠪᠤᠯᠭᠠᠵᠤ ᠂ ᠠᠵᠤ ᠦᠢᠯᠡᠰ ᠤᠨ ᠭᠦᠨᠵᠡᠭᠡᠢ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠶᠠᠪᠤᠳᠠᠯ ᠪᠣᠯᠣᠨ᠎ᠠ ᠃ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠠᠢ ᠠᠵᠤ ᠦᠢᠯᠡᠰ ᠪᠠ ᠠᠵᠤ ᠦᠢᠯᠡᠰ ᠤᠨ ᠬᠡᠯᠬᠢᠶ᠎ᠡ ᠳᠤ ᠴᠠᠭ ᠲᠤᠬᠠᠢ ᠳᠤᠨᠢ ᠬᠡᠷᠡᠭᠯᠡᠵᠦ ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠠᠶᠢᠭᠤᠯᠵᠤ ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠬᠦ ᠬᠡᠷᠡᠭᠲᠡᠢ ᠃ ᠭᠤᠷᠪᠠᠳᠤᠭᠠᠷ ᠲᠤ ᠂ ᠬᠥᠭᠵᠢᠯᠲᠡ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠬᠤ ᠬᠡᠷᠡᠭᠲᠡᠢ ᠃ ᠪᠣᠬᠢᠷᠳᠤᠯ ᠦᠭᠡᠢ ᠬᠥᠭᠵᠢᠯᠲᠡ ᠪᠣᠯ ᠴᠢᠨᠠᠷ ᠰᠠᠶᠢᠲᠠᠢ ᠬᠥᠭᠵᠢᠯᠲᠡ ᠶᠢᠨ ᠳᠡᠪᠢᠰᠬᠡᠷ ᠥᠩᠭᠡ ᠮᠥᠨ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠤᠰ ᠪᠡᠶ᠎ᠡ ᠨᠢ ᠳᠠᠷᠤᠢ ᠪᠣᠬᠢᠷᠳᠤᠯ ᠦᠭᠡᠢ ᠦᠢᠯᠡᠳᠪᠦᠷᠢᠯᠡᠯ ᠤᠨ ᠬᠦᠴᠦᠨ ᠮᠥᠨ ᠃ ᠡᠷᠬᠡᠪᠰᠢ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠬᠥᠭᠵᠢᠭᠦᠯᠵᠦ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠃ ᠳᠥᠷᠪᠡᠳᠦᠭᠡᠷ ᠲᠤ ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠦᠢᠯᠡᠳᠪᠦᠷᠢᠯᠡᠯ ᠤᠨ ᠬᠠᠷᠢᠴᠠᠭ᠎ᠠ ᠶᠢ ᠡᠷᠬᠡᠪᠰᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠱᠠᠭᠠᠷᠳᠠᠯᠭ᠎ᠠ ᠲᠠᠢ ᠵᠣᠬᠢᠴᠠᠭᠤᠯᠬᠤ ᠬᠡᠷᠡᠭᠲᠡᠢ ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠳᠤ ᠡᠷᠬᠡᠪᠰᠢ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠵᠦ ᠂ ᠲᠡᠭᠦᠨ ᠲᠠᠢ ᠵᠣᠬᠢᠴᠠᠭᠰᠠᠨ ᠰᠢᠨ᠎ᠡ ᠮᠠᠶ᠋ᠢᠭ ᠤᠨ ᠦᠢᠯᠡᠳᠪᠦᠷᠢᠯᠡᠯ ᠤᠨ ᠬᠠᠷᠢᠴᠠᠭ᠎ᠠ ᠶᠢ ᠪᠤᠢ ᠪᠤᠯᠭᠠᠬᠤ ᠬᠡᠷᠡᠭᠲᠡᠢ ᠃ ᠲᠠᠪᠤᠳᠤᠭᠠᠷ ᠲᠤ ᠂ ᠴᠢᠳᠠᠪᠤᠷᠢᠲᠠᠨ ᠤ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠬᠦ ᠬᠡᠷᠡᠭᠲᠡᠢ ᠃ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠱᠠᠭᠠᠷᠳᠠᠯᠭ᠎ᠠ ᠶᠣᠰᠣᠭᠠᠷ ᠂ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠂ ᠴᠢᠳᠠᠪᠤᠷᠢᠲᠠᠨ ᠤ ᠰᠠᠶᠢᠨ ᠰᠠᠶᠢᠬᠠᠨ ᠣᠷᠴᠢᠯ ᠢ ᠰᠢᠯᠤᠭᠤᠳᠬᠠᠵᠤ ᠂ ᠴᠢᠳᠠᠪᠤᠷᠢᠲᠠᠨ ᠢ ᠬᠥᠮᠥᠵᠢᠭᠦᠯᠬᠦ ᠂ ᠣᠷᠣᠭᠤᠯᠤᠨ ᠠᠪᠴᠢᠷᠠᠬᠤ ᠂ ᠬᠡᠷᠡᠭᠯᠡᠬᠦ ᠂ ᠵᠦᠢ ᠵᠣᠬᠢᠰᠲᠠᠢ ᠰᠢᠯᠵᠢᠭᠦᠯᠬᠦ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2