ᠵᠢᠨᠢᠩ ᠲᠣᠭᠤᠷᠢᠭ ᠤᠨ ᠡᠷᠡᠭᠦᠯ ᠬᠠᠮᠠᠭᠠᠯᠠᠯ ᠤᠨ ᠰᠢᠰᠲ᠋ᠧᠮ ᠠᠶᠤᠯᠭᠦᠶ ᠦᠶᠯᠡᠳᠪᠦᠷᠢᠯᠡᠯ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/6/5
      ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠠᠶᠤᠯᠭᠦᠶ ᠦᠢᠯᠡᠳᠪᠦᠷᠢᠯᠡᠯ ᠤᠨ ᠲᠤᠬᠠᠶ ᠬᠠᠮᠢᠶ᠎ᠠ ᠪᠥᠬᠦᠶ ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ 6 ᠰᠠᠷ᠎ᠠ ᠶᠢᠨ 5᠎ ᠤ ᠡᠳᠦᠷ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠡᠷᠬᠢᠯᠡᠭᠴᠢ ᠸᠠᠩ ᠯᠸᠢ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ ᠤᠨ ᠪᠥᠬᠦ ᠪᠦᠷᠢᠯᠳᠦᠬᠦᠨ᠂ ᠡᠯ᠎ᠡ ᠬᠤᠶᠠᠳᠤᠭᠠᠷ ᠳᠡᠰ ᠤᠨ ᠨᠢᠭᠡᠴᠡ ᠶᠢᠨ ᠨᠠᠮ ᠵᠠᠰᠠᠭ ᠤᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠪᠣᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃     ᠬᠤᠷᠠᠯ ᠠᠴᠠ ᠮᠠᠨ ᠤ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠤ ᠮᠠᠨ ᠤ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠮᠡᠳᠡᠭᠳᠡᠬᠦ ᠶᠢᠨ ᠬᠠᠮᠲᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠠᠬᠢᠨ ᠪᠠᠶᠢᠷᠢᠯᠠᠭᠤᠯᠵᠤ᠂ ᠲᠠᠬᠢᠨ ᠠᠬᠢᠭᠤᠯᠵᠤ᠂ ᠲᠠᠬᠢᠨ ᠨᠠᠶᠢᠳᠠᠪᠤᠷᠢᠵᠢᠭᠤᠯᠪᠠ᠃      ᠸᠠᠩ ᠯᠸᠢ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠨᠢ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠨ᠎ᠠ᠃ ᠡᠯ᠎ᠡ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠠᠶᠤᠯᠭᠦᠢ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠨᠠᠭᠰᠢᠳᠠ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠨ ᠰᠡᠳᠬᠢᠬᠦᠢ ᠪᠠᠨ ᠪᠠᠲᠤᠳᠬᠠᠵᠤ᠂ ᠠᠶᠤᠯᠭᠦᠢ ᠦᠢᠯᠡᠳᠪᠦᠷᠢᠯᠡᠯ ᠤᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠡᠯ᠎ᠡ ᠨᠢᠭᠡᠴᠡ ᠶᠢᠨ ᠬᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠨᠠᠷᠢᠨ ᠲᠠᠩᠰᠠ ᠲᠠᠢ ᠬᠠᠷᠢᠴᠠᠭᠤᠯᠵᠤ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠲᠥᠬᠦᠭᠡᠷᠦᠮᠵᠢ᠂ ᠴᠢᠬᠤᠯᠠ ᠠᠵᠢᠯ ᠤᠨ ᠪᠠᠶᠢᠷᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠬᠡᠷᠡᠭᠲᠡᠢ᠃ ᠡᠯ᠎ᠡ ᠨᠢᠭᠡᠴᠡ ᠶᠢᠨ ᠭᠤᠤᠯ ᠤᠳᠤᠷᠢᠳᠤᠯᠭ᠎ᠠ ᠬᠠᠷᠢᠭᠤᠴᠠᠯᠭ᠎ᠠ ᠡᠭᠦᠷᠭᠡᠯᠡᠬᠦ ᠲᠣᠮᠣ ᠬᠤᠰᠢᠭᠤ ᠶᠢ ᠡᠭᠦᠷᠭᠡᠯᠡᠵᠦ᠂ ᠲᠣᠰ ᠨᠢᠭᠡᠴᠡ ᠶᠢᠨ ᠢᠶᠠᠨ ᠠᠶᠤᠯᠭᠦᠶ ᠦᠢᠯᠡᠳᠪᠦᠷᠢᠯᠡᠯ ᠤᠨ ᠠᠵᠢᠯ ᠢ ᠪᠥᠬᠦ ᠲᠠᠯ᠎ᠠ ᠪᠠᠷ ᠤᠶᠢᠯᠠᠭᠠᠨ ᠪᠠᠶᠢᠴᠠᠭᠠᠵᠤ᠂ ᠵᠢᠭᠰᠠᠭᠠᠨ ᠪᠠᠶᠢᠴᠠᠭᠠᠵᠤ ᠭᠠᠷᠭᠠᠭᠰᠠᠨ ᠳᠠᠯᠳᠠ ᠬᠡᠮ ᠤᠨ ᠠᠰᠠᠭᠤᠳᠠᠯ ᠳᠤ ᠴᠢᠭᠯᠡᠭᠦᠯᠦᠨ᠂ ᠠᠶᠤᠯᠭᠦᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠱᠠᠯᠠᠪᠳᠠᠨ ᠴᠡᠭᠴᠡᠯᠡᠨ ᠰᠠᠶᠢᠵᠢᠷᠠᠭᠤᠯᠬᠤ ᠪᠠᠷ ᠪᠠᠷᠠᠬᠤ ᠥᠬᠡᠶ ᠪᠠᠰᠠ ᠴᠠᠭ ᠲᠤᠬᠠᠶ ᠳᠤᠨᠢ ᠡᠮᠬᠢᠯᠡᠨ ᠳ᠋ᠦᠩᠨᠡᠵᠦ᠂ ᠡᠬᠡ ᠲᠠᠩᠰᠠ ᠪᠠᠶᠢᠭᠤᠯᠤᠨ᠂ ᠠᠰᠠᠭᠤᠳᠠᠯ ᠪᠠ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠡᠭᠡᠭᠰᠢ ᠮᠡᠳᠡᠭᠦᠯᠬᠦ ᠬᠡᠷᠡᠭᠲᠡᠶ᠃      ᠸᠠᠩ ᠯᠸᠢ ᠡᠷᠬᠢᠯᠡᠭᠴᠢ ᠴᠢᠬᠤᠯᠠᠴᠢᠯᠠᠭᠰᠠᠨ ᠨᠢ᠂ ᠪᠥᠬᠦ ᠺᠠᠳ᠋ᠷ ᠠᠵᠢᠯᠲᠠᠨ ᠠᠵᠢᠯᠴᠢᠨ ᠵᠣᠭᠰᠣᠴᠠ ᠪᠠᠨ ᠳᠡᠭᠡᠭᠰᠢᠯᠡᠭᠦᠯᠵᠦ᠂ ᠪᠠᠶᠢᠳᠠᠯ ᠢ ᠲᠣᠳᠣᠷᠬᠠᠶ ᠲᠠᠨᠢᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠭᠦᠢᠴᠡᠳᠬᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠰᠢᠰᠲ᠋ᠧᠮ ᠤᠨ ︽ᠨᠢᠭᠡ ᠬᠥᠯᠭᠡ ᠰᠢᠲᠠᠷ᠎ᠠ︾᠎ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠳᠡᠭᠡᠳᠦ ᠳᠣᠤᠷᠠᠳᠤ ᠱᠠᠲᠤ ᠶᠢ ᠵᠣᠯᠭᠠᠭᠤᠯᠵᠤ᠂ ᠪᠦᠬᠦᠯᠢ ᠴᠣᠭᠴᠠ ᠪᠠᠷ ᠬᠤᠯᠪᠣᠭᠠᠯᠠᠨ ᠬᠥᠳᠡᠯᠦᠯᠴᠡᠵᠦ᠂ ᠪᠦᠬᠦᠨ ᠢ ᠬᠠᠮᠤᠷᠬᠤ ᠮᠠᠶ᠋ᠢᠭ ᠤᠨ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠶᠡᠭᠡ ᠴᠡᠭᠴᠡᠯᠡᠨ ᠵᠠᠰᠠᠯᠲᠠ ᠶᠢ ᠥᠷᠨᠢᠭᠦᠯᠵᠦ᠂ ᠠᠮᠤᠷ ᠲᠦᠪᠰᠢᠨ ᠤ ᠠᠳᠡᠯ ᠢ ᠡᠬᠢ ᠡᠭᠦᠰᠦᠯ ᠠᠴᠠ ᠨᠢ ᠰᠡᠷᠭᠡᠶᠢᠯᠡᠨ ᠬᠤᠷᠢᠭᠯᠠᠬᠤ ᠬᠡᠷᠡᠭᠲᠡᠶ᠃ ᠡᠯ᠎ᠡ ᠨᠢᠭᠡᠴᠡ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠠᠰᠠᠭᠤᠳᠠᠯ ᠤᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠨ᠂ ᠮᠠᠨ ᠤ ᠲᠤᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃            ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2