| | 5 ᠰᠠᠷ᠎ᠠ ᠶᠢᠨ 29 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠭᠤᠷᠢᠭ ᠤᠨ ᠨᠠᠮ ᠤᠨ ᠬᠤᠷᠢᠶᠠᠨ ᠤ ᠲᠤᠰᠬᠠᠢ | ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯ ᠢ ᠲᠠᠬᠢᠨ ᠲᠤᠬᠢᠷᠠᠭᠤᠯᠵᠤ᠂ ᠲᠠᠬᠢᠨ ᠪᠠᠶᠢᠷᠢᠯᠠᠭᠤᠯᠵᠤ᠂ ᠡᠯ᠎ᠡ | ᠵᠦᠢᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠪᠠ᠃ | ᠬᠤᠷᠠᠯ ᠠᠴᠠ ᠮᠠᠨ ᠤ ᠲᠤᠭᠤᠷᠢᠭ ᠤᠨ ᠣᠳᠣᠬᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠪᠠ ᠃ ᠬᠤᠷᠠᠯ ᠳᠤ ᠣᠷᠣᠯᠴᠠᠭᠰᠠᠳ ᠲᠤᠰ ᠲᠤᠰ ᠤᠨ ᠬᠦᠷᠢᠶᠡᠨ ᠤ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠪᠣᠯᠤᠨ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠦᠷᠦᠯ ᠵᠦᠢᠯ ᠤᠨ ᠠᠬᠢᠴᠠ ᠵᠡᠷᠭᠡ | ᠪᠠᠶᠢᠳᠠᠯ ᠢᠶᠠᠨ ᠲᠤᠰ ᠲᠤᠰ ᠬᠠᠷᠢᠭᠤ ᠮᠡᠳᠡᠭᠦᠯᠬᠦ ᠶᠢᠨ ᠬᠠᠮᠲᠤ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ | ᠪᠣᠳᠠᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠳᠤᠷᠠᠳᠪᠠ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ | ᠳᠡᠭᠡᠭᠰᠢᠯᠡᠭᠦᠯᠵᠦ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ | ᠴᠢᠨᠠᠭᠰᠢᠳᠠ ᠴᠢᠩᠭᠠᠳᠬᠠᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠶᠢ ᠦᠨᠡᠨᠬᠦ ᠴᠢᠬᠤᠯᠠ ᠠᠴᠠ ᠴᠢᠬᠤᠯᠠ ᠵᠦᠢᠯ ᠪᠣᠯᠭᠠᠵᠤ᠂ ᠪᠡᠯᠡ ᠣᠷᠣᠭᠤᠯᠤᠯᠲᠠ ᠶᠢᠨ ᠮᠡᠳᠡᠭᠡ | ᠵᠠᠩᠭᠢ ᠶᠢ ᠭᠦᠨᠵᠡᠭᠡᠢ ᠠᠭᠤᠳᠠᠯᠵᠤ᠂ ᠠᠷᠠᠯᠵᠢᠶᠠᠴᠢᠨ ᠤᠷᠢᠬᠤ ᠬᠡᠪᠴᠢᠶ᠎ᠡ ᠪᠠᠨ ᠥᠷᠭᠡᠳᠬᠡᠵᠦ᠂ ᠪᠡᠯᠡ ᠣᠷᠣᠭᠤᠯᠬᠤ | ᠠᠷᠭ᠎ᠠ ᠵᠠᠮ ᠢᠶᠠᠨ ᠥᠷᠭᠡᠳᠬᠡᠵᠦ᠂ ᠲᠦᠷᠦᠯ ᠵᠦᠢᠯ ᠢ ᠠᠬᠢᠭᠤᠯᠬᠤ ᠶᠢ ᠨᠥᠯᠥᠭᠡᠯᠡᠵᠦ ᠪᠠᠶᠢᠭ᠎ᠠ ᠬᠢᠵᠠᠭᠠᠷᠯᠠᠬᠤ | ᠬᠦᠴᠦᠨ ᠵᠦᠢᠯ ᠪᠣᠯᠤᠨ ᠪᠣᠭᠤᠮᠢ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠪᠦᠬᠦ ᠬᠦᠴᠦᠨ ᠢᠶᠠᠷ ᠢᠶᠠᠨ | ᠪᠠᠲᠤᠯᠠᠭ᠎ᠠ ᠪᠠᠨ ᠴᠢᠩᠭᠠᠳᠬᠠᠵᠤ ᠰᠢᠯᠢᠳᠡᠭ ᠦᠢᠯᠡᠴᠢᠯᠡᠭᠡ ᠬᠠᠩᠭᠠᠬᠤ ᠬᠡᠷᠡᠭᠲᠡᠢ᠃ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠᠨ ᠴᠢᠩᠭᠠᠳᠬᠠᠵᠤ᠂ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠡᠭᠦᠷᠭᠡ ᠴᠢᠳᠠᠪᠬᠢ ᠡᠭᠦᠷᠭᠡ | ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ | ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠠᠩᠰᠠ ᠲᠤᠰᠢᠶᠠᠬᠤ ᠤᠬᠠᠮᠰᠠᠷ᠂ ᠰᠢᠯᠭᠠᠯᠲᠠ | ᠲᠤᠰᠢᠶᠠᠬᠤ ᠤᠬᠠᠮᠰᠠᠷ ᠢᠶᠠᠨ ᠴᠢᠩᠭᠠᠳᠬᠠᠵᠤ᠂ ᠲᠦᠷᠦᠯ ᠵᠦᠢᠯ ᠢ ᠡᠷᠲᠡ ᠪᠠᠶᠢᠭᠤᠯᠵᠤ᠂ ᠡᠷᠲᠡ ᠠᠰᠢᠭᠯᠠᠯᠲᠠ ᠳᠤ | ᠣᠷᠣᠭᠤᠯᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ | ᠴᠢᠩᠭᠠᠷᠠᠭᠤᠯᠵᠤ᠂ ᠬᠤᠳᠠᠯᠳᠤᠭᠠᠴᠢᠨ ᠤᠷᠢᠬᠤ ᠶᠢ ᠪᠠᠲᠤᠯᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠᠷ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠶᠢᠴᠢᠯᠠᠵᠤ᠂ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠠᠷ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ | ᠤᠷᠴᠢᠭᠤᠯᠤᠭᠴᠢ᠄ ᠲᠤᠶᠠᠭ᠎ᠠ | |