ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ︽ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠬᠦᠰᠡᠯ ᠵᠡᠭᠦᠳᠦ ᠳᠤ ᠬᠦᠴᠦᠨ ᠨᠡᠮᠡᠷᠢᠯᠡᠬᠦ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/6/7
      2024 ᠣᠨ ᠤ 6 ᠰᠠᠷ᠎ᠠ ᠶᠢᠨ 7᠎ ᠤ ᠡᠳᠦᠷ᠂ ᠵᠢᠯ ᠳᠤ ᠨᠢᠭᠡ ᠤᠳᠠᠭ᠎ᠠ ᠶᠠᠪᠤᠭᠳᠠᠬᠤ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠪᠥᠬᠦ ᠤᠯᠤᠰ ᠤᠨ ᠨᠢᠭᠡᠳᠦᠯᠲᠡᠢ ᠰᠢᠯᠭᠠᠯᠲᠠ ᠪᠣᠯᠵᠤᠭ᠎ᠠ ᠶᠣᠰᠣᠭᠠᠷ ᠶᠠᠪᠤᠭᠳᠠᠵᠤ᠂ ︽ᠬᠤᠪᠢ ᠨᠡᠮᠡᠷᠢ ᠦᠵᠡᠭᠦᠯᠬᠦ᠂ ᠨᠥᠬᠦᠷᠰᠡᠭ ᠪᠠᠶᠢᠬᠤ᠂ ᠬᠠᠷᠢᠯᠴᠠᠨ ᠬᠠᠪᠰᠤᠷᠤᠯᠴᠠᠬᠤ᠂ ᠲᠠᠪᠰᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠥᠯᠥᠭᠡ᠂  ᠵᠢᠨᠢᠩ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠡᠯ᠎ᠡ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠥᠷᠲᠡᠭᠡ ᠶᠢ ᠵᠣᠬᠢᠶᠠᠨ ᠪᠠᠶᠢᠭᠤᠯᠵᠤ᠂ ᠬᠠᠮᠲᠤ ᠪᠠᠷ ︽ᠶᠡᠭᠡ ᠰᠤᠷᠭᠠᠭᠤᠯᠢ ᠎ ᠶᠢᠨ ᠰᠢᠯᠭᠠᠯᠲᠠ ᠶᠢ ᠬᠠᠮᠠᠭᠠᠯᠠᠵᠦ᠂ ᠬᠦᠰᠡᠯ ᠡᠷᠡᠮᠡᠯᠵᠡᠯ ᠳᠤ ᠬᠦᠴᠦᠨ ᠨᠡᠮᠡᠷᠢᠯᠡᠶ᠎ᠡ ︾ ᠭᠡᠬᠦ ᠬᠠᠶᠢᠷ᠎ᠠ ᠬᠠᠯᠠᠮᠵᠢ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ ᠪᠥᠬᠦ ᠲᠣᠭᠤᠷᠢᠭ ᠤᠨ ᠡᠯ᠎ᠡ ᠱᠠᠲᠤᠨ ᠤ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ 8 ᠰᠠᠯᠠᠭ᠎ᠠ᠂ ᠴᠡᠷᠢᠭ ᠠᠴᠠ ᠬᠠᠯᠠᠭᠳᠠᠭᠰᠠᠳ ᠤᠨ 200 ᠭᠠᠷᠤᠢ ᠰᠠᠶᠢᠨ ᠳᠤᠷᠠᠴᠤᠳ ᠠᠵᠢᠯᠯᠠᠭ᠎ᠠ ᠳᠤ ᠣᠷᠣᠯᠴᠠᠪᠠ᠃     ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷᠠᠴᠤᠳ ᠥᠪᠡᠷᠮᠢᠴᠡ ᠰᠠᠬᠢᠯᠭ᠎ᠠ ᠪᠠᠲᠤᠴᠢ ᠴᠢᠨᠠᠷ ᠪᠠ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠪᠠᠷ ᠢᠶᠠᠨ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠰᠠᠶᠢᠨ ᠳᠤᠷ᠎ᠠ ᠶᠢᠨ ᠦᠶᠯᠡᠴᠢᠯᠡᠭᠡ ᠳᠤ ᠢᠳᠡᠪᠬᠢᠲᠡᠶ ᠣᠷᠣᠯᠴᠠᠪᠠ᠃ ᠲᠡᠳᠡ ᠰᠢᠯᠭᠠᠯᠲᠠ ᠶᠢᠨ ᠴᠡᠭ ᠤᠨ  ᠭᠠᠳᠠᠨᠠᠬᠢ ᠡᠮᠬᠢ ᠳᠢᠭᠯᠢᠮ ᠢ ᠬᠠᠮᠠᠭᠠᠯᠠᠵᠤ᠂ ᠰᠢᠯᠭᠠᠭᠤᠯᠤᠭᠴᠢ ᠪᠣᠯᠤᠨ ᠬᠡᠷ ᠤᠨ ᠠᠬᠠᠮᠠᠳ ᠲᠤ ᠤᠰᠤ ᠤᠮᠳᠠ᠂ ᠰᠢᠯᠭᠠᠯᠲᠠ ᠶᠢᠨ ᠪᠢᠴᠢᠭ ᠤᠨ ᠬᠡᠷᠡᠭᠰᠡᠯ᠂ ᠪᠠᠴᠢᠮ ᠪᠠᠶᠢᠳᠠᠯ ᠢ ᠠᠷᠭᠠᠴᠠᠭᠠᠬᠤ ᠡᠮ ᠤᠨ ᠵᠦᠶᠯ ᠵᠡᠷᠭᠡ ᠡᠳ᠋ ᠪᠣᠳᠠᠰ ᠬᠠᠩᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠡᠷᠡᠰ ᠬᠠᠲᠠᠭᠤ ᠪᠠ ᠡᠭᠦᠷᠭᠡᠯᠡᠯ ᠢ ᠳᠠᠮᠵᠢᠭᠤᠯᠵᠠᠶ᠃      ᠲᠣᠰ ᠤᠳᠠᠭᠠᠨ ᠤ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯᠯᠠᠭ᠎ᠠ ᠨᠢ ᠴᠡᠷᠢᠭ ᠠᠴᠠ ᠬᠠᠯᠠᠭᠳᠠᠭᠰᠠᠳ ᠤᠨ ᠴᠤᠭ ᠵᠢᠪᠬᠤᠭ᠎ᠠ ᠶᠢ ᠭᠦᠶᠴᠡᠳ ᠢᠯᠡᠷᠡᠭᠦᠯᠵᠦ᠂ ᠴᠡᠷᠢᠭ ᠠᠴᠠ ᠬᠠᠯᠠᠭᠳᠠᠭᠰᠠᠳ ᠤᠨ ᠳᠦᠷᠢ ᠲᠥᠷᠬᠦ ᠶᠢ ᠢᠯᠡᠷᠡᠭᠦᠯᠵᠦ᠂ ᠨᠠᠩ ᠣᠯᠠᠨ ᠴᠡᠷᠢᠭ ᠠᠴᠠ ᠬᠠᠯᠠᠭᠳᠠᠭᠰᠠᠳ ᠤᠨ ᠰᠢᠯᠢᠳᠡᠭ ᠰᠤᠷᠲᠠᠯ ᠢᠶᠠᠨ ᠪᠠᠲᠤᠯᠠᠬᠤ ᠶᠢ ᠵᠣᠷᠢᠭᠵᠢᠭᠤᠯᠪᠠ᠃ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠠᠵᠢᠯᠯᠠᠭ᠎ᠠ ᠳᠤ ᠬᠦᠴᠦᠨ ᠨᠡᠮᠡᠷᠢᠯᠡᠬᠦ ᠴᠡᠷᠢᠭ ᠠᠴᠠ ᠬᠠᠯᠠᠭᠳᠠᠭᠰᠠᠳ ᠤᠨ ᠰᠠᠶᠢᠨ ᠳᠤᠷᠠᠴᠤᠳ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠳᠤ ᠪᠠᠲᠤᠯᠠᠭ᠎ᠠ ᠬᠠᠩᠭᠠᠵᠤ᠂ ᠶᠡᠭᠡ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠵᠠᠮ ᠢ ᠨᠠᠩ ᠪᠠᠲᠤ ᠪᠠᠬᠢ ᠪᠣᠯᠭᠠᠵᠤ᠂ ᠬᠦᠰᠡᠯ ᠡᠷᠡᠮᠡᠯᠵᠡᠯ ᠤᠨ ᠵᠢᠭᠦᠷ ᠢ ᠨᠠᠩ ᠬᠦᠴᠦᠲᠡᠶ ᠪᠣᠯᠭᠠᠪᠠ᠃                  ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2