ᠵᠢᠨᠢᠩ ᠲᠣᠭᠤᠷᠢᠭ ᠤᠨ ᠴᠡᠴᠡᠷᠯᠢᠭ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ︽ᠲᠠᠪᠤᠨ ᠰᠠᠷ᠎ᠠ ᠶᠢᠨ ᠰᠢᠨ᠎ᠡ ᠶᠢᠨ ᠲᠠᠪᠤᠨ︾᠎ ᠤ ᠪᠠᠶᠠᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠯᠠᠪᠳᠠᠭᠤᠨ ᠪᠠᠲᠤᠲᠠᠶ ᠥᠷᠨᠢᠭᠦᠯᠪᠡ
ᠨᠡᠶᠢᠲᠡᠯᠡᠭᠰᠡᠨ ᠴᠠᠭ᠄
2024/6/8
      ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠦᠨᠡᠨᠬᠦ ᠪᠠᠬᠢᠵᠢᠭᠦᠯᠬᠦ ᠶᠢᠨ ᠲᠥᠯᠥᠭᠡ᠂ ᠵᠢᠨᠢᠩ ᠲᠣᠭᠤᠷᠢᠭ ᠤᠨ ᠴᠡᠴᠡᠷᠯᠢᠭ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠦᠢᠯᠡᠴᠢᠯᠡᠭᠡᠨ ᠤ ᠲᠥᠪ ᠨᠠᠷᠢᠯᠢᠭ ᠲᠥᠯᠥᠪᠵᠢᠭᠦᠯᠵᠦ᠂ ᠤᠷᠢᠳᠴᠢᠯᠠᠨ ᠲᠣᠬᠢᠷᠠᠭᠤᠯᠵᠤ᠂ ᠠᠵᠢᠯᠲᠠᠳ ᠢ ᠵᠣᠬᠢᠶᠠᠨ ᠪᠠᠶᠢᠭᠤᠯᠤᠨ ᠬᠤᠲᠠ ᠶᠢᠨ ᠲᠣᠭᠤᠷᠢᠭ ᠤᠨ ᠴᠡᠴᠡᠷᠯᠢᠭ ᠤᠨ ᠠᠭᠤᠳᠠᠮ ᠲᠠᠯᠠᠪᠠᠢ᠂ ᠨᠡᠶᠢᠲᠡ ᠶᠢᠨ ᠵᠣᠷᠯᠣᠩ ᠪᠣᠯᠤᠨ ᠬᠤᠭ ᠨᠣᠪᠰᠢ ᠰᠢᠯᠵᠢᠭᠦᠯᠦᠨ ᠲᠡᠭᠡᠭᠡᠪᠦᠷᠢᠯᠡᠬᠦ ᠥᠷᠲᠡᠭᠡ ᠵᠡᠷᠭᠡ ᠣᠷᠣᠨ ᠪᠦᠰᠡ ᠳᠤ ᠭᠦᠨᠵᠡᠭᠡᠶᠢᠷᠡᠭᠦᠯᠵᠦ᠂ ᠲᠠᠪᠤᠨ ᠰᠠᠷ᠎ᠠ ᠶᠢᠨ ᠰᠢᠨ᠎ᠡ ᠶᠢᠨ ᠲᠠᠪᠤᠨ ᠤ ᠪᠠᠶᠠᠷ ᠠᠴᠠ ᠡᠮᠦᠨᠡᠬᠢ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠥᠷᠨᠢᠭᠦᠯᠵᠦ᠂ ᠳᠠᠯᠳᠠ ᠭᠡᠮ ᠤᠨ ᠠᠰᠠᠭᠤᠳᠠᠯ ᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠠᠮᠤᠷ ᠲᠦᠪᠰᠢᠨ ᠤ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠪᠠ᠃     ᠨᠢᠭᠡ ᠳᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠲᠠᠰᠤᠭ ᠤᠨ ᠠᠵᠢᠯᠲᠠᠳ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠠᠰᠠᠭᠤᠨ ᠯᠠᠪᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠲᠠ ᠶᠢᠨ ᠲᠣᠭᠤᠷᠢᠭ ᠤᠨ 251 ᠨᠡᠶᠢᠲᠡ ᠶᠢᠨ ᠵᠣᠷᠯᠣᠩ ᠪᠣᠯᠤᠨ 28 ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠳᠤ ᠭᠦᠨᠵᠡᠭᠡᠶᠢᠷᠡᠵᠦ᠂ ᠨᠡᠶᠢᠲᠡ ᠶᠢᠨ ᠵᠣᠷᠯᠣᠩ᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠥᠷᠲᠡᠭᠡ ᠶᠢᠨ ᠠᠶᠤᠯᠭᠦᠶ ᠦᠢᠯᠡᠳᠪᠦᠷᠢᠯᠡᠯ ᠤᠨ ᠪᠠᠶᠢᠳᠠᠯ᠂ ᠠᠵᠢᠯᠲᠠᠨ ᠤ ᠠᠵᠢᠯ ᠤᠨ ᠪᠠᠶᠢᠳᠠᠯ᠂ ᠠᠵᠢᠯᠯᠠᠬᠤ ᠣᠷᠣᠨ ᠵᠠᠶ ᠶᠢᠨ ᠪᠠᠶᠢᠳᠠᠯ᠂ ᠭᠠᠯ ᠬᠡᠷᠡᠭᠯᠡᠬᠦ ᠴᠠᠬᠢᠯᠭᠠᠨ ᠤᠰᠤ ᠬᠡᠷᠡᠭᠯᠡᠬᠦ ᠵᠡᠷᠭᠡ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃ ᠬᠤᠶᠠᠷ ᠲᠤ ᠴᠡᠴᠡᠷᠯᠢᠭ ᠤᠨ ᠲᠠᠰᠤᠭ ᠤᠨ ᠠᠵᠢᠯᠲᠠᠳ ᠪᠠᠶ ᠴᠢᠤᠸᠠᠨ ᠱᠠᠨ ᠴᠡᠴᠡᠷᠯᠢᠭ᠂ ᠯᠣᠣ ᠬᠤ᠋ ᠱᠠᠨ ᠴᠡᠴᠡᠷᠯᠢᠭ᠂ ᠠᠷᠠᠳ ᠤᠨ ᠴᠡᠴᠡᠷᠯᠢᠭ ᠵᠢᠴᠢ ᠷᠦ᠋ ᠢ ᠬᠤ᠋ ᠴᠡᠴᠡᠷᠯᠢᠭ ᠵᠡᠷᠭᠡ 18 ᠴᠡᠴᠡᠷᠯᠢᠭ ᠲᠤ ᠭᠦᠨᠵᠡᠭᠡᠶᠢᠷᠡᠨ ᠠᠶᠤᠯᠭᠦᠶ ᠦᠶᠯᠡᠳᠪᠦᠷᠢᠯᠡᠯ ᠤᠨ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠵᠦ᠂ ᠴᠡᠴᠡᠷᠯᠢᠭ ᠲᠤ ᠬᠦᠷᠬᠦ ᠪᠦᠷᠢ᠂ ᠠᠵᠢᠯᠲᠠᠳ ᠴᠡᠴᠡᠷᠯᠢᠭ ᠤᠨ ᠪᠡᠶ᠎ᠡ ᠴᠢᠭᠢᠷᠠᠭᠵᠢᠭᠤᠯᠬᠤ ᠵᠤᠭ᠎ᠠ ᠴᠡᠩᠭᠡᠯ ᠤᠨ ᠲᠥᠬᠦᠭᠡᠷᠦᠮᠵᠢ᠂ ᠴᠠᠬᠢᠯᠭᠠᠨ ᠬᠡᠷᠡᠭᠯᠡᠬᠦ ᠱᠤᠭᠤᠮ᠂ ᠭᠠᠯ ᠤᠨᠲᠠᠷᠠᠭᠠᠬᠤ ᠠᠮᠤᠷ ᠲᠦᠪᠰᠢᠨ ᠤ ᠠᠷᠭ᠎ᠠ ᠬᠡᠮᠵᠢᠶ᠎ᠡ ᠵᠢᠴᠢ ᠤᠰᠤᠨ ᠣᠷᠣᠨ ᠤ ᠰᠡᠷᠡᠮᠵᠢ ᠶᠢᠨ ᠢᠵᠢ ᠪᠦᠷᠢᠳᠦᠭᠦᠯᠬᠦ ᠪᠡᠯᠡᠳᠬᠡᠮᠵᠢ ᠵᠡᠷᠭᠡ ᠵᠠᠩᠭᠢᠯᠠᠭ᠎ᠠ ᠶᠢᠨ ᠣᠷᠣᠨ ᠪᠦᠰᠡ ᠪᠣᠯᠤᠨ ᠪᠡᠯᠡᠳᠬᠡᠮᠵᠢ ᠶᠢᠨ ᠠᠮᠤᠷ ᠲᠦᠪᠰᠢᠨ ᠤ ᠪᠠᠶᠢᠳᠠᠯ ᠳᠤ ᠨᠠᠷᠢᠨ ᠪᠠᠶᠢᠴᠠᠭᠠᠯᠲᠠ ᠬᠢᠬᠦ ᠪᠣᠯᠤᠨ᠎ᠠ᠃ ᠭᠤᠷᠪᠠ ᠳᠤ᠂ ᠬᠡᠰᠡᠭ ᠲᠣᠭᠤᠷᠢᠭ ᠤᠨ ᠬᠤᠪᠢ ᠣᠷᠣᠭᠤᠯᠤᠭᠰᠠᠨ ᠪᠠ ᠭᠠᠯ ᠰᠡᠷᠭᠡᠶᠢᠯᠡᠵᠦ ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠬᠤ ᠲᠠᠰᠤᠭ ᠨᠢ ᠬᠤᠲᠠ ᠶᠢᠨ ᠲᠣᠭᠤᠷᠢᠭ ᠤᠨ ᠵᠡᠭᠡᠯᠢ ᠭᠤᠳᠤᠮᠵᠢ᠂ ᠴᠡᠴᠡᠷᠯᠢᠭ ᠤᠨ ᠠᠭᠤᠳᠠᠮ ᠲᠠᠯᠠᠪᠠᠶ ᠪᠠ ᠴᠡᠷᠢᠭ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠰᠠᠭᠤᠷᠢᠨ ᠭᠠᠵᠠᠷ ᠵᠡᠷᠭᠡ ᠵᠦᠯᠭᠡ ᠭᠠᠵᠠᠷ ᠲᠤ ᠭᠠᠯ ᠤᠨ ᠠᠶᠤᠯ ᠤᠨ ᠳᠠᠯᠳᠠ ᠬᠡᠮ ᠢ ᠵᠢᠭᠰᠠᠭᠠᠨ ᠪᠠᠶᠢᠴᠠᠭᠠᠪᠠ᠃ ᠡᠭᠦᠨ ᠤ ᠬᠠᠮᠲᠤ᠂ ᠲᠥᠪ ᠤᠨ ᠠᠵᠢᠯᠲᠠᠳ ᠨᠢᠭᠡᠨᠲᠡ ᠣᠯᠵᠤ ᠮᠡᠳᠡᠭᠰᠡᠨ ᠠᠮᠤᠷ ᠲᠦᠪᠰᠢᠨ ᠤ ᠳᠠᠯᠳᠠ ᠬᠡᠮ ᠳᠤ ᠡᠬᠡ ᠲᠠᠩᠰᠠ ᠭᠠᠷᠭᠠᠵᠤ᠂ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠨᠢᠭᠡ ᠶᠢ ᠣᠯᠵᠤ ᠮᠡᠳᠡᠪᠡᠯ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠡᠬᠢ ᠡᠭᠦᠰᠦᠯ ᠠᠴᠠ ᠨᠢ ᠬᠤᠷᠢᠭᠯᠠᠨ ᠵᠣᠭᠰᠣᠭᠠᠵᠤ᠂ ᠣᠯᠠᠨ ᠲᠦᠮᠡᠨ ᠤ ᠠᠮᠢ ᠨᠠᠰᠤ ᠪᠠ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠪᠠ᠃      ᠳᠠᠷᠠᠭᠠᠴᠢ ᠶᠢᠨ ᠠᠯᠬᠤᠮ ᠳᠤ᠂ ᠲᠥᠪ ᠠᠴᠠ ᠠᠶᠤᠯᠭᠦᠢ ᠦᠢᠯᠡᠳᠪᠦᠷᠢᠯᠡᠯ ᠤᠨ ᠬᠥᠮᠦᠵᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠣᠭᠲᠠᠮᠠᠯ ᠬᠤᠭᠤᠴᠠᠭ᠎ᠠ ᠲᠠᠢ ᠪᠠᠷ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠰᠬᠠᠢ ᠰᠡᠳᠦᠪᠲᠦ ᠬᠤᠷᠠᠯ ᠢ ᠬᠤᠷᠠᠯᠳᠤᠭᠤᠯᠵᠤ᠂ ᠳᠡᠭᠡᠳᠦ ᠱᠠᠲᠤᠨ ᠤ ᠠᠶᠤᠯᠭᠦᠢ ᠦᠢᠯᠡᠳᠪᠦᠷᠢᠯᠡᠯ ᠤᠨ ᠬᠤᠷᠠᠯ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠨ ᠲᠤᠤᠱᠯᠠᠭᠤᠯᠵᠤ᠂ ᠠᠵᠢᠯᠲᠠᠳ ᠤᠨ ᠠᠮᠤᠷ ᠲᠦᠪᠰᠢᠨ ᠤ ᠬᠥᠮᠦᠵᠢᠯ ᠪᠣᠯᠤᠨ ᠬᠢᠨᠠᠯᠲᠠ ᠬᠠᠮᠢᠶᠠᠷᠤᠯᠲᠠ ᠶᠢ ᠦᠨᠡᠨᠬᠦ ᠴᠢᠩᠭᠠᠳᠬᠠᠵᠤ᠂ ᠪᠦᠬᠦ ᠠᠵᠢᠯᠲᠠᠳ ᠤᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠵᠣᠬᠢᠶᠠᠨ ᠪᠠᠶᠢᠭᠤᠯᠵᠤ᠂ ᠠᠶᠤᠯᠭᠦᠢ ᠦᠢᠯᠡᠳᠪᠦᠷᠢᠯᠡᠯ ᠤᠨ ᠡᠳᠦᠷ ᠲᠤᠳᠤᠮ ᠤᠨ ᠣᠷᠣᠮ ᠦᠯᠡᠳᠡᠭᠡᠬᠦ ᠠᠵᠢᠯ ᠢ ᠰᠠᠶᠢᠲᠤᠷ ᠬᠢᠵᠦ᠂ ᠪᠠᠶᠢᠴᠠᠭᠠᠯᠲᠠ ᠶᠢᠨ ᠳᠤᠮᠳᠠ ᠢᠯᠡᠷᠡᠭᠦᠯᠦᠭᠰᠡᠨ ᠲᠥᠬᠦᠭᠡᠷᠦᠮᠵᠢ ᠶᠢᠨ ᠡᠪᠳᠡᠷᠡᠵᠦ ᠰᠦᠢᠳᠦᠭᠰᠡᠨ ᠵᠡᠷᠭᠡ ᠪᠠᠶᠢᠳᠠᠯ ᠤᠨ ᠠᠰᠠᠭᠤᠳᠠᠯ ᠢ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠡᠷᠲᠡ ᠢᠯᠡᠷᠡᠭᠦᠯᠵᠦ᠂ ᠡᠷᠲᠡ ᠵᠠᠰᠠᠵᠤ᠂ ᠭᠤᠣᠯ ᠪᠣᠯᠬᠤ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠪᠠᠷ ᠴᠢᠷᠮᠠᠶᠢᠨ᠎ᠠ᠃                 ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2