ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠰᠠᠶᠢᠨ ᠮᠠᠭᠤ ᠶᠢᠨ ᠦᠨᠡᠯᠡᠯᠲᠡ︾᠎ ᠶᠢᠨ ᠵᠠᠩᠭᠢᠯᠠᠭ᠎ᠠ ᠶᠢ ᠠᠳᠬᠤᠵᠤ᠂ ᠦᠶᠯᠡᠴᠢᠯᠡᠭᠡᠨ ᠤ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/7/1
       ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾᠎ ᠶᠢᠨ ᠲᠦᠷᠢᠮ ᠪᠣᠯ ᠲᠥᠷᠥ ᠶᠢᠨ ᠶᠠᠪᠤᠳᠠᠯ ᠤᠨ ᠬᠤᠷᠢᠶᠠᠨ ᠤ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ‍ ᠨᠢᠭᠡ ᠵᠦᠢᠯ ᠤᠨ ᠰᠢᠨ᠎ᠡ ᠶᠢ ᠡᠭᠦᠳᠬᠦ ᠬᠡᠯᠪᠡᠷᠢ ᠶᠢᠨ ᠠᠷᠭ᠎ᠠ ᠬᠡᠮᠵᠢᠶ᠎ᠡ ᠪᠠᠶᠢᠵᠤ᠂ ᠵᠠᠰᠠᠭ ᠤᠨ ᠣᠷᠳᠣᠨ ᠤ ᠳᠣᠲᠣᠭᠠᠳᠤ ᠶᠢᠨ ᠥᠪᠡᠷ ᠢ ᠪᠠᠨ ᠦᠨᠡᠯᠡᠬᠦ ᠬᠠᠯᠬᠠᠪᠴᠢ ᠶᠢ ᠡᠪᠳᠡᠵᠦ᠂ ᠦᠨᠡᠯᠡᠬᠦ ᠡᠷᠬᠡ᠂ ᠦᠭᠡ ᠬᠡᠯᠡᠬᠦ ᠡᠷᠬᠡ᠂ ᠬᠢᠨᠠᠯᠲᠠ ᠲᠠᠯᠪᠢᠬᠤ ᠡᠷᠬᠡ ᠶᠢ ᠠᠵᠢᠯ ᠶᠠᠪᠤᠳᠠᠯ ᠭᠦᠢᠴᠡᠳᠭᠡᠬᠦ ᠠᠵᠤ ᠠᠬᠤᠶᠢᠯᠠᠯ ᠪᠠ ᠣᠯᠠᠨ ᠲᠦᠮᠡᠨ ᠳᠤ ᠲᠤᠰᠢᠶᠠᠭᠰᠠᠨ ᠶᠠᠪᠤᠳᠠᠯ ᠪᠣᠯᠤᠨ᠎ᠠ᠃ ︽ᠰᠠᠶᠢᠨ ᠮᠠᠭᠤ ᠶᠢᠨ ᠦᠨᠡᠯᠡᠯᠲᠡ︾᠎ ᠶᠢ ᠬᠡᠷᠡᠭᠵᠢᠭᠦᠯᠬᠦ ᠪᠠᠷ ᠳᠠᠮᠵᠢᠭᠤᠯᠤᠨ ᠵᠠᠰᠠᠭ ᠤᠨ ᠣᠷᠳᠣᠨ ᠤ ᠦᠢᠯᠡᠴᠢᠯᠡᠭᠡᠨ ᠤ ᠠᠷᠭ᠎ᠠ ᠮᠠᠶ᠋ᠢᠭ ᠪᠠ ᠬᠠᠩᠭᠠᠯᠭ᠎ᠠ ᠶᠢ ᠰᠠᠶᠢᠵᠢᠷᠠᠭᠤᠯᠵᠤ ᠴᠢᠳᠠᠬᠤ ᠪᠠᠷ ᠪᠠᠷᠠᠬᠤ ᠥᠬᠡᠶ᠂ ᠪᠠᠰᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠬᠦ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠤ ᠪᠥᠲᠥᠭᠡᠨ ᠪᠠᠶᠢᠭᠤᠯᠤᠯᠲᠠ ᠶᠢᠨ ᠦᠢᠯᠡᠳᠦᠯᠭᠡ ᠳᠤ ᠨᠠᠩ ᠠᠰᠢᠭᠲᠠᠶ ᠪᠣᠯᠭᠠᠵᠤ ᠴᠢᠳᠠᠨ᠎ᠠ᠃      ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠢᠮᠠᠭᠲᠠ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠬᠤᠯᠪᠣᠭᠳᠠᠯ ᠪᠥᠬᠦᠶ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾᠎ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠪᠠᠷᠢᠮᠵᠢᠶ᠎ᠠ ᠶᠢ ︽ᠵᠠᠰᠠᠭ ᠤᠨ ᠣᠷᠳᠣᠨ ᠤ ᠵᠢᠳᠬᠦᠯ ᠴᠢᠷᠮᠠᠶᠢᠯᠭ᠎ᠠ︾᠎ ᠠᠴᠠ ︽ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ︾ ᠪᠣᠯᠭᠠᠨ ᠬᠤᠪᠢᠷᠠᠭᠤᠯᠬᠤ ᠶᠢ ᠠᠬᠢᠭᠤᠯᠪᠠ᠃ ᠵᠢᠨᠢᠩ ᠲᠣᠭᠤᠷᠢᠭ ᠨᠢ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠰᠠᠶᠢᠨ ᠮᠠᠭᠤ ᠶᠢᠨ ᠦᠨᠡᠯᠡᠯᠲᠡ︾᠎ ᠶᠢ ᠦᠨᠡᠯᠡᠬᠦ ᠰᠢᠰᠲ᠋ᠧᠮ ᠢ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠪᠥᠭᠡᠳ ᠬᠢᠨᠠᠨ ᠵᠥᠪᠰᠢᠶᠡᠷᠡᠬᠦ ᠵᠦᠶᠯᠡᠰ ᠤᠨ ᠬᠢᠨᠠᠨ ᠵᠥᠪᠰᠢᠶᠡᠷᠡᠬᠦ ᠭᠤᠭᠴᠤᠭ᠎ᠠ ᠨᠢᠭᠡᠪᠦᠷᠢ ᠳᠤ ᠰᠢᠭᠢᠳᠬᠡᠵᠦ᠂ ᠦᠨᠡᠯᠡᠬᠦ ᠬᠡᠪᠴᠢᠶ᠎ᠡ ᠨᠢ ᠡᠮ ᠡᠮᠨᠡᠯᠭᠡ ᠶᠢᠨ ᠳᠠᠭᠠᠳᠬᠠᠯ᠂ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ ᠬᠤᠯᠪᠣᠭᠳᠠᠵᠤ᠂ ︽ᠦᠨᠡᠯᠡᠪᠡᠰᠦ ᠵᠣᠬᠢᠬᠤ ᠶᠢ ᠨᠢ ᠪᠦᠬᠦᠨ ᠢ ᠦᠨᠡᠯᠡᠬᠦ︾᠎ ᠶᠢ ᠪᠡᠶᠡᠯᠡᠭᠦᠯᠪᠡ᠃ ᠵᠢᠨᠢᠩ ᠲᠣᠭᠤᠷᠢᠭ ᠤᠨ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠲᠥᠪ ᠣᠳᠣᠬᠠᠨ ᠳᠤ ᠨᠢᠭᠡᠨᠲᠡ ︽ᠰᠠᠶᠢᠨ ᠮᠠᠭᠤ ᠶᠢᠨ ᠦᠨᠡᠯᠡᠯᠲᠡ︾ ᠦᠨᠡᠯᠡᠬᠦ ᠲᠥᠬᠦᠭᠡᠷᠦᠮᠵᠢ ᠶᠢ ᠪᠥᠬᠦ ᠲᠠᠯ᠎ᠠ ᠪᠠᠷ ᠪᠥᠷᠬᠦᠭᠦᠯᠵᠦ᠂ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠳᠤ ᠰᠦᠯᠵᠢᠶᠡᠨ ᠭᠠᠳᠠᠨᠠᠬᠢ ᠦᠨᠡᠯᠡᠬᠦ ᠮᠠᠰᠢᠨ᠂ ᠬᠤᠶᠠᠷ ᠬᠡᠮᠵᠢᠯᠳᠦ ᠺᠣᠳ᠋᠂ ᠰᠦᠯᠵᠢᠶᠡᠨ ᠳᠡᠭᠡᠷᠡᠬᠢ ᠣᠬᠤᠷ ᠮᠡᠳᠡᠭᠡ ᠶᠢ ᠦᠨᠡᠯᠡᠬᠦ ᠵᠡᠷᠭᠡ ᠣᠯᠠᠨ ᠠᠷᠭ᠎ᠠ ᠵᠠᠮ ᠤᠨ ᠪᠣᠬᠢᠷᠲᠤᠯ ᠥᠬᠡᠶ ᠦᠨᠡᠯᠡᠯᠲᠡ ᠶᠢᠨ ᠨᠡᠪᠲᠡᠷᠡᠬᠦ ᠵᠠᠮ ᠢ ᠨᠡᠭᠡᠭᠡᠵᠦ ᠥᠭᠭᠦᠨ᠎ᠡ︔ ︽ᠰᠠᠶᠢᠨ ᠮᠠᠭᠤ ᠶᠢᠨ ᠦᠨᠡᠯᠡᠯᠲᠡ︾ ᠦᠨᠡᠯᠡᠬᠦ ᠲᠥᠬᠦᠭᠡᠷᠦᠮᠵᠢ ᠶᠢ ᠳᠡᠪᠢᠰᠬᠦ ᠨᠥᠬᠦᠴᠡᠯ ᠢ ᠲᠦᠷ ᠪᠦᠷᠢᠯᠳᠦᠭᠦᠯᠦᠭᠰᠡᠨ ᠦᠭᠡᠢ ᠠᠵᠢᠯ ᠶᠠᠪᠤᠳᠠᠯ ᠭᠦᠶᠴᠡᠳᠬᠡᠬᠦ ᠲᠢᠩᠬᠢᠮ᠂ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ ︵ᠥᠷᠲᠡᠭᠡ︶ ᠵᠡᠷᠭᠡ ᠶᠢ ᠬᠡᠷᠡᠭᠯᠡᠵᠦ ᠪᠠᠶᠢᠭᠠᠳ ᠴᠠᠭᠠᠰᠤᠨ ᠦᠨᠡᠯᠡᠬᠦ ᠬᠦᠰᠦᠨᠦᠭ ᠤᠨ ᠬᠡᠯᠪᠡᠷᠢ ᠪᠠᠷ ᠦᠨᠡᠯᠡᠬᠦ ᠠᠵᠢᠯ ᠢ ᠥᠷᠨᠢᠭᠦᠯᠪᠡ᠃ ᠣᠲᠣ ᠪᠣᠯᠲᠠᠯ᠎ᠠ᠂ ᠵᠢᠨᠢᠩ ᠲᠣᠭᠤᠷᠢᠭ ᠲᠤ ᠦᠨᠡᠯᠡᠯᠲᠡ ᠬᠢᠭᠰᠡᠨ ᠲᠤᠭ᠎ᠠ ᠪᠠᠷᠢᠮᠲᠠ ᠨᠡᠶᠢᠲᠡ 242775 ᠵᠤᠷᠪᠤᠰ᠂ ᠡᠭᠦᠨ ᠳᠤ 240495 ᠵᠤᠷᠪᠤᠰ ᠲᠤ ᠮᠠᠰᠢ ᠬᠠᠨᠤᠮᠵᠢᠲᠠᠶ ᠪᠠᠶᠢᠵᠤ᠂ ᠰᠠᠶᠢᠨ ᠦᠨᠡᠯᠡᠯᠲᠡ ᠶᠢᠨ ᠨᠣᠷᠮ᠎ᠠ 99.98%᠎ ᠳᠤ ᠬᠦᠷᠴᠡᠶ᠃       ᠬᠤᠶᠢᠰᠢᠳᠠ᠂ ᠵᠢᠨᠢᠩ ᠲᠣᠭᠤᠷᠢᠭ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠶᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠰᠠᠶᠢᠨ ᠮᠠᠭᠤ ᠶᠢᠨ ᠦᠨᠡᠯᠡᠯᠲᠡ︾ ᠎ ᠶᠢᠨ ᠲᠦᠷᠢᠮ ᠤᠨ ᠰᠢᠰᠲ᠋ᠧᠮ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠣᠯᠠᠨ ᠵᠦᠶᠯ ᠤᠨ ᠤᠬᠠᠭᠤᠯᠭ᠎ᠠ ᠶᠢᠨ ᠠᠷᠭ᠎ᠠ ᠵᠠᠮ ᠢᠶᠠᠷ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠨᠢᠭᠡᠪᠦᠷᠢ ᠶᠢ ᠴᠥᠮ ᠦᠨᠡᠯᠡᠬᠦ ᠶᠠᠪᠤᠴᠠ ᠳᠤ ᠣᠷᠣᠯᠴᠠᠬᠤ ᠶᠢ ᠤᠷᠢᠶᠠᠯᠠᠵᠤ᠂ ᠬᠢᠨᠠᠨ ᠵᠥᠪᠰᠢᠶᠡᠷᠡᠬᠦ ᠭᠤᠭᠴᠤᠭ᠎ᠠ ᠶᠢ ᠳᠠᠬᠢᠨ ᠴᠣᠮᠬᠠᠳᠬᠠᠬᠤ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠳᠠᠬᠢᠨ ᠪᠠᠭᠠᠰᠬᠠᠬᠤ᠂ ᠬᠢᠨᠠᠨ ᠵᠥᠪᠰᠢᠶᠡᠷᠡᠬᠦ ᠶᠠᠪᠤᠴᠠ ᠶᠢ ᠳᠠᠬᠢᠨ ᠰᠢᠯᠢᠳᠡᠭᠵᠢᠭᠦᠯᠬᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠠᠬᠢᠨ ᠳᠡᠭᠡᠭᠰᠢᠯᠡᠭᠦᠯᠬᠦ ᠶᠢ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠨᠣᠪᠴᠢᠲᠠᠶ ᠣᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠬᠠᠩᠭᠠᠯᠭ᠎ᠠ ᠶᠢ ᠨᠠᠷᠢᠯᠢᠬᠵᠢᠭᠤᠯᠬᠤ᠂ ᠰᠢᠨᠵᠢᠯᠡᠬᠦ ᠤᠬᠠᠭᠠᠨᠴᠢᠯᠠᠬᠤ ᠶᠢ ᠠᠬᠢᠭᠤᠯᠵᠤ᠂ ᠠᠵᠢᠯ ᠶᠠᠪᠤᠳᠠᠯ ᠭᠦᠶᠴᠡᠳᠬᠡᠬᠦ ᠬᠦᠷᠲᠡᠮᠵᠢ ᠶᠢᠨ ᠲᠥᠷᠥᠭᠳᠡᠯ᠂ ᠪᠡᠶᠡᠴᠢᠯᠡᠨ ᠣᠶᠢᠯᠠᠭᠠᠬᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠪᠡ᠃                ᠣᠷᠴᠢᠭᠤᠯᠤᠭᠴᠢ᠄ ᠳ᠋ᠥᠩ ᠾᠦᠢ
 
ᠢᠷᠡᠯᠲᠡ᠄ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2