ᠵᠢᠨᠢᠩ ᠵᠠᠰᠠᠭ ᠲᠠᠷᠬᠠᠭᠠᠭᠰᠠᠨ ︹2024︺ 32 ᠳ᠋ᠤᠭᠠᠷ ᠲᠣᠭᠠᠲᠤ | ︽ᠵᠢᠨᠢᠩ ᠲᠣᠭᠤᠷᠢᠭ ᠤᠨ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ︾ ᠤᠨ ᠲᠤᠬᠠᠶ ᠲᠠᠶᠢᠯᠤᠮᠵᠢ | ︵ᠨᠢᠭᠡ ︶ ᠨᠡᠷ᠎ᠡ ᠮᠡᠳᠡᠭᠦᠯᠬᠦ ᠴᠠᠭ | 1᠂ ᠵᠢᠨᠢᠩ ᠲᠣᠭᠤᠷᠢᠭ ᠤᠨ 2024 ᠣᠨ ᠤ ᠨᠢᠭᠡᠳᠦᠭᠡᠷ ᠪᠠ ᠳᠣᠯᠣᠳᠤᠭᠠᠷ ᠣᠨ ᠤ ᠰᠢᠨ᠎ᠡ ᠰᠣᠷᠣᠭᠴᠢ ᠶᠢ | ᠳᠠᠩᠰᠠᠯᠠᠬᠤ ᠴᠠᠭ ᠨᠢ 2024 ᠣᠨ ᠤ 6 ᠰᠠᠷ᠎ᠠ ᠶᠢᠨ 3 ᠤ ᠡᠳᠦᠷ ᠤᠨ 9᠄ 00 - 6 ᠰᠠᠷ᠎ᠠ ᠶᠢᠨ 17 ᠤ | ᠡᠳᠦᠷ ᠤᠨ 18᠄ 00 ᠪᠣᠯᠤᠨ᠎ᠠ᠂ ᠡᠨᠡ ᠬᠤᠭᠤᠴᠠᠭᠠᠨ ᠳᠤ᠂ ︽ᠵᠢᠨᠢᠩ ᠰᠤᠷᠭᠠᠨ ᠬᠥᠮᠦᠵᠢᠯ ᠤᠨ ᠨᠡᠶᠢᠲᠡ ᠶᠢᠨ | ᠳ᠋ᠤᠭᠠᠷ - ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠶᠴᠡᠳᠬᠡᠬᠦ︾᠂ ︽ᠮᠥᠩᠬᠡ ᠰᠤᠪᠠᠭ - ᠰᠤᠷᠭᠠᠨ | ᠬᠥᠮᠦᠵᠢᠯ ᠤᠨ ᠲᠤᠰᠬᠠᠶ ᠪᠤᠯᠤᠩ - ᠤᠯᠠᠭᠠᠨᠴᠠᠪ ᠤᠨ ᠰᠤᠷᠭᠠᠨ ᠬᠥᠮᠦᠵᠢᠯ︾ ᠪᠤᠶᠤ ︽ᠵᠢᠨᠢᠩ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ - ᠴᠣᠩᠬᠤ ᠪᠤᠯᠤᠩ︾ ︽ᠵᠢᠨᠢᠩ ᠲᠣᠭᠤᠷᠢᠭ ᠲᠤ | ᠰᠤᠷᠭᠠᠭᠤᠯᠢ ᠳᠤ ᠣᠷᠣᠬᠤ ᠭᠤᠶᠤᠴᠢᠯᠠᠯ︾ ᠢ ᠰᠣᠩᠭᠤᠵᠤ ︽ᠰᠤᠷᠭᠠᠭᠤᠯᠢ ᠳᠤ ᠣᠷᠣᠬᠤ ᠭᠤᠶᠤᠴᠢᠯᠠᠯ︾ ᠢ | ᠰᠣᠩᠭᠤᠵᠤ ᠨᠡᠷ᠎ᠡ ᠮᠡᠳᠡᠭᠦᠯᠦᠨ᠎ᠡ ᠃ | 2. ᠲᠣᠰ ᠵᠢᠯ ᠤᠨ ᠰᠦᠯᠵᠢᠶᠡᠨ ᠮᠡᠳᠡᠭᠡᠨ ᠳᠤ ︽ᠳᠠᠭᠤᠷᠢᠶᠠᠬᠤ ᠰᠣᠷᠢᠯᠲᠠ︾ ᠶᠢᠨ ᠴᠢᠳᠠᠮᠵᠢ ᠶᠢ ᠨᠡᠭᠡᠭᠡᠵᠦ᠂ ᠡᠯ᠎ᠡ | ᠰᠤᠷᠬᠤ ᠨᠠᠰᠤᠨ ᠤ ᠬᠡᠤᠬᠡᠳ ᠪᠠᠭᠠᠴᠤᠳ ᠲᠣᠭᠲᠠᠭᠰᠠᠨ ᠴᠠᠭ ᠤᠨ ᠬᠡᠪᠴᠢᠶᠡᠨ ᠳᠣᠲᠣᠷ᠎ᠠ᠂ ᠲᠠᠪᠴᠠᠩ ᠳᠤ ᠭᠠᠷᠴᠤ | ᠰᠦᠯᠵᠢᠶ᠎ᠡ ᠪᠠᠷ ᠮᠡᠳᠡᠭᠦᠯᠬᠦ ᠠᠵᠢᠯᠯᠠᠭᠠᠨ ᠤ ᠣᠶᠢᠯᠠᠭᠠᠯᠲᠠ ᠬᠢᠵᠦ᠂ ᠨᠡᠷ᠎ᠡ ᠮᠡᠳᠡᠭᠦᠯᠬᠦ ᠴᠤᠪᠤᠷᠠᠯ ᠪᠠ ᠵᠦᠢᠯᠡᠰ ᠢ | ᠪᠣᠳᠠᠲᠠᠶ ᠣᠶᠢᠯᠠᠭᠠᠬᠤ ᠶᠢᠨ ᠬᠠᠮᠲᠤ᠂ ᠰᠢᠰᠲ᠋ᠧᠮ ᠤᠨ ᠱᠠᠭᠠᠷᠳᠠᠯᠭ᠎ᠠ ᠶᠢ ᠦᠨᠳᠦᠰᠦᠯᠡᠨ ᠬᠠᠮᠢᠶ᠎ᠠ ᠪᠥᠬᠦᠶ ᠴᠠᠭᠠᠰᠤᠨ | ᠪᠠ ᠡᠯᠧᠺᠲᠷᠤᠨ ᠮᠠᠲ᠋ᠧᠷᠢᠶᠠᠯ ᠢ ᠤᠷᠢᠳᠴᠢᠯᠠᠨ ᠪᠡᠯᠡᠳᠬᠡᠵᠦ᠂ ᠵᠢᠩᠬᠢᠨᠢ ᠰᠦᠯᠵᠢᠶ᠎ᠡ ᠪᠠᠷ ᠮᠡᠳᠡᠭᠦᠯᠬᠦ ᠠᠵᠢᠯ ᠳᠤ | ᠰᠠᠶᠢᠲᠤᠷ ᠪᠡᠯᠡᠳᠬᠡᠯ ᠬᠢᠬᠦ ᠬᠡᠷᠡᠭᠲᠡᠶ᠃ ᠳᠠᠭᠤᠷᠢᠶᠠᠮᠠᠯ ᠨᠡᠭᠡᠭᠡᠯᠲᠡ ᠬᠢᠬᠦ ᠴᠠᠭ ᠨᠢ 5 ᠰᠠᠷ᠎ᠠ ᠶᠢᠨ 25 ᠤ ᠡᠳᠦᠷ ᠠᠴᠠ | 27 ᠤ ᠡᠳᠦᠷ ᠪᠣᠯᠣᠨ᠎ᠠ᠃ | 3. ᠰᠤᠷᠤᠭᠴᠢ ᠡᠯᠰᠡᠬᠦ ᠳᠤ ᠳᠠᠩᠰᠠᠯᠠᠬᠤ ᠶᠢᠨ ᠡᠮᠦᠨ᠎ᠡ ᠬᠤᠶᠢᠨᠠᠬᠢ ᠳᠡᠰ ᠳᠠᠷᠠᠭᠠᠯᠠᠯ ᠯᠤᠭ᠎ᠠ ᠬᠤᠯᠪᠣᠭᠳᠠᠯ ᠦᠭᠡᠶ᠃ | 4. ︽ᠵᠢᠨᠢᠩ ᠲᠣᠭᠤᠷᠢᠭ ᠤᠨ 2024 ᠣᠨ ᠤ ᠰᠤᠷᠭᠠᠭᠤᠯᠢ ᠳᠤ ᠣᠷᠣᠬᠤ ᠬᠠᠯᠠᠮᠰᠢᠯ ᠠᠰᠠᠭᠤᠳᠠᠯ ᠤᠨ ᠲᠤᠬᠠᠶ | 30 ᠠᠰᠠᠭᠤᠯᠲᠠ 30 ᠬᠠᠷᠢᠭᠤᠯᠲᠠ︾ ᠶᠢ ᠪᠣᠳᠠᠲᠠᠶ ᠪᠠᠷ ᠯᠠᠪᠯᠠᠪᠠ᠃ | ︵ᠬᠤᠶᠠᠷ︶ ᠵᠢᠨᠢᠩ ᠲᠣᠭᠤᠷᠢᠭ ᠤᠨ 2024 ᠣᠨ ᠤ ᠰᠤᠷᠭᠠᠭᠤᠯᠢ ᠳᠤ ᠣᠷᠣᠬᠤ ᠬᠠᠯᠠᠮᠰᠢᠯ ᠠᠰᠠᠭᠤᠳᠠᠯ 30 | ᠠᠰᠠᠭᠤᠯᠳᠠ ᠶᠢ ᠬᠠᠷᠢᠭᠤᠯᠪᠠ | 1. ᠪᠠᠭ᠎ᠠ ᠰᠤᠷᠭᠠᠭᠤᠯᠢ ᠶᠢᠨ ᠨᠢᠭᠡᠳᠦᠭᠡᠷ ᠣᠨ ᠳᠤ ᠶᠠᠮᠠᠷ ᠰᠤᠷᠤᠭᠴᠢ ᠡᠯᠰᠡᠬᠦ ᠨᠥᠬᠦᠴᠡᠯ ᠪᠠᠶᠢᠬᠤ ᠪᠤᠢ︖ | ᠬᠠᠷᠢᠭᠤᠯᠲᠠ᠄ 2018 ᠣᠨ ᠤ 8 ᠳ᠋ᠤᠭᠠᠷ ᠰᠠᠷ᠎ᠠ ᠶᠢᠨ 31 ᠤ ᠡᠳᠦᠷ ︵ᠪᠠᠭᠲᠠᠨ᠎ᠠ︶ ᠠᠴᠠ ᠡᠮᠦᠨᠡᠬᠢ ᠬᠡᠤᠬᠡᠳ᠂ | ᠪᠦᠬᠦᠯᠢ ᠵᠢᠷᠭᠤᠭᠠᠨ ᠨᠠᠰᠤ ᠬᠦᠷᠦᠭᠰᠡᠨ ᠵᠢᠨᠢᠩ ᠲᠣᠭᠤᠷᠢᠭ ᠲᠤ ᠰᠠᠭᠤᠵᠤ ᠪᠠᠶᠢᠭ᠎ᠠ ᠰᠤᠷᠭᠠᠭᠤᠯᠢ ᠳᠤ ᠣᠷᠣᠬᠤ | ᠨᠠᠰᠤᠨ ᠤ ᠬᠡᠤᠬᠡᠳ ᠢ 2024 ᠣᠨ ᠤ ᠨᠠᠮᠤᠷ ᠤᠨ ᠤᠯᠠᠷᠢᠯ ᠤᠨ ᠰᠤᠷᠭᠠᠭᠤᠯᠢ ᠳᠤ ᠣᠷᠣᠭᠤᠯᠤᠨ᠎ᠠ᠂ | ᠰᠤᠷᠭᠠᠭᠤᠯᠢ ᠳᠤ ᠣᠷᠣᠬᠤ ᠠᠴᠠ ᠡᠮᠦᠨ᠎ᠡ ᠬᠡᠤᠬᠡᠳ ᠤᠨ ᠴᠡᠴᠡᠷᠯᠢᠭ ᠲᠤ ᠰᠠᠭᠤᠵᠤ ᠥᠩᠭᠡᠷᠡᠭᠰᠡᠨ ᠡᠰᠡᠬᠦ ᠶᠢ | ᠰᠤᠷᠭᠠᠭᠤᠯᠢ ᠳᠤ ᠣᠷᠣᠭᠤᠯᠬᠤ ᠨᠥᠬᠦᠴᠡᠯ ᠪᠣᠯᠭᠠᠬᠤ ᠥᠬᠡᠶ᠃ | 2. ᠪᠦᠬᠦᠯᠢ 6 ᠨᠠᠰᠤ ᠬᠦᠷᠦᠭᠰᠡᠨ ᠬᠡᠦᠬᠡᠳ ᠰᠤᠷᠭᠠᠭᠤᠯᠢ ᠳᠤ ᠣᠷᠣᠪᠠᠯ ᠵᠣᠬᠢᠨ᠎ᠠ᠃ ᠬᠡᠷᠪᠡ ᠬᠡᠦᠬᠡᠳ ᠳᠠᠭᠠᠵᠤ | ᠠᠮᠵᠢᠬᠤ ᠦᠭᠡᠢ ᠪᠣᠯ ᠰᠤᠷᠭᠠᠭᠤᠯᠢ ᠵᠠᠪᠰᠠᠷᠯᠠᠬᠤ ᠰᠠᠨᠠᠭ᠎ᠠ ᠲᠠᠢ ᠤᠤ︖ | ᠬᠠᠷᠢᠭᠤᠯᠲᠠ᠄ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠪᠠᠭᠠᠴᠤᠳ ᠡᠪᠡᠳᠴᠢᠨ ᠪᠤᠶᠤ ᠣᠨᠴᠠᠭᠠᠢ | ᠰᠢᠯᠲᠠᠭᠠᠨ ᠠᠴᠠ ᠪᠣᠯᠵᠤ ᠴᠠᠭ ᠲᠠᠭᠠᠨ ᠰᠤᠷᠭᠠᠭᠤᠯᠢ ᠳᠤ ᠣᠷᠣᠵᠤ ᠳᠡᠶᠢᠯᠬᠦ ᠦᠭᠡᠢ᠂ ᠠᠰᠠᠷᠠᠨ ᠬᠠᠮᠠᠭᠠᠯᠠᠭᠴᠢ ᠠᠴᠠ | ᠰᠤᠷᠭᠠᠭᠤᠯᠢ ᠡᠬᠢᠯᠡᠬᠦ ᠠᠴᠠ ᠡᠮᠦᠨ᠎ᠡ ᠬᠠᠮᠢᠶ᠎ᠠ ᠪᠦᠬᠦᠢ ᠭᠡᠷᠡᠴᠢ ︵ᠵᠢᠱᠢᠶᠡᠯᠡᠪᠡᠯ᠄ ᠡᠪᠡᠳᠴᠢᠨ ᠤ ᠲᠡᠦᠬᠡ᠂ ᠵᠡᠮᠳᠡᠭ | ᠦᠨᠡᠮᠯᠡᠯ ᠵᠡᠷᠭᠡ︶ ᠪᠠᠨ ᠠᠪᠴᠤ ᠲᠣᠭᠤᠷᠢᠭ ᠤᠨ ᠰᠤᠷᠭᠠᠭᠤᠯᠢ ᠳᠤ ᠬᠦᠷᠴᠦ ᠰᠤᠷᠤᠯᠭ᠎ᠠ ᠶᠢ ᠬᠤᠶᠢᠰᠢᠯᠠᠭᠤᠯᠬᠤ᠂ | ᠰᠤᠷᠭᠠᠨ ᠬᠥᠮᠦᠵᠢᠯ ᠬᠦᠷᠭᠡᠬᠦ ᠵᠡᠷᠭᠡ ᠭᠠᠷᠳᠠᠮ ᠭᠦᠢᠴᠡᠳᠬᠡᠬᠦ ᠪᠠᠷ ᠭᠤᠶᠤᠴᠢᠯᠠᠵᠤ᠂ ᠰᠢᠶᠠᠩ ᠪᠠᠯᠭᠠᠰᠤ ︵ᠪᠤᠶᠤ | ᠵᠡᠭᠡᠯᠢ ᠭᠤᠳᠤᠮᠵᠢ︶᠂ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠪᠠ ᠲᠣᠭᠤᠷᠢᠭ ᠤᠨ ᠰᠤᠷᠭᠠᠭᠤᠯᠢ ᠪᠠᠷ ᠬᠢᠨᠠᠨ | ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ | ᠮᠡᠳᠡᠭᠦᠯᠵᠦ ᠳᠠᠩᠰᠠᠯᠠᠭᠤᠯᠤᠨ᠎ᠠ᠃ | 3. ᠪᠢ ᠵᠢᠨᠢᠩ ᠲᠣᠭᠤᠷᠢᠭ ᠲᠤ ᠨᠡᠷ᠎ᠡ ᠮᠡᠳᠡᠭᠦᠯᠵᠦ ᠰᠤᠷᠭᠠᠭᠤᠯᠢ ᠳᠤ ᠣᠷᠣᠬᠤ ᠪᠠᠷ ᠪᠠᠶᠢᠨ᠎ᠠ᠂ ᠪᠠᠰᠠ ᠪᠤᠰᠤᠳ | ᠬᠤᠰᠢᠭᠤ ᠰᠢᠶᠠᠨ ᠳᠤ ᠨᠡᠷ᠎ᠡ ᠮᠡᠳᠡᠭᠦᠯᠵᠦ ᠳᠠᠩᠰᠠᠯᠠᠭᠤᠯᠵᠤ ᠪᠣᠯᠤᠨ᠎ᠠ ᠦᠦ︖ | ᠬᠠᠷᠢᠭᠤᠯᠲᠠ᠄ ᠪᠣᠯᠬᠤ ᠦᠭᠡᠢ᠃ ᠰᠦᠯᠵᠢᠶᠡᠨ ᠤ ᠮᠡᠳᠡᠭᠦᠯᠦᠯᠲᠡ ᠶᠢᠨ ᠰᠢᠰᠲ᠋ᠧᠮ ᠨᠢ ᠰᠤᠷᠤᠭᠴᠢᠳ ᠤᠨ | ᠰᠤᠷᠭᠠᠭᠤᠯᠢ ᠶᠢᠨ ᠬᠠᠷᠢᠶ᠎ᠠ ᠶᠢᠨ ᠲᠠᠩᠰᠠ ᠡᠪᠬᠡᠮᠡᠯ ᠵᠡᠷᠭᠡ ᠴᠢᠬᠤᠯᠠ ᠮᠡᠳᠡᠭᠡ ᠵᠠᠩᠭᠢ ᠲᠠᠢ ᠬᠤᠯᠪᠣᠭᠳᠠᠨ᠎ᠠ᠂ ᠬᠡᠷ ᠤᠨ | ᠠᠬᠠᠮᠠᠳ ᠨᠡᠷ᠎ᠡ ᠮᠡᠳᠡᠭᠦᠯᠬᠦ ᠰᠢᠶᠠᠨ ᠲᠣᠭᠤᠷᠢᠭ᠂ ᠰᠤᠷᠤᠯᠭ᠎ᠠ ᠶᠢᠨ ᠪᠠᠶᠢᠭ᠎ᠠ ᠭᠠᠵᠠᠷ ᠵᠡᠷᠭᠡ ᠨᠡᠷ᠎ᠡ ᠮᠡᠳᠡᠭᠦᠯᠬᠦ ᠮᠡᠳᠡᠭᠡ | ᠵᠠᠩᠭᠢ ᠶᠢ ᠪᠣᠯᠭᠤᠮᠵᠢᠲᠠᠶ ᠰᠣᠩᠭᠤᠨ᠎ᠠ ᠃ ᠵᠢᠨᠢᠩ ᠲᠣᠭᠤᠷᠢᠭ ᠤᠨ ᠰᠤᠷᠭᠠᠭᠤᠯᠢ ᠶᠢᠨ ᠬᠠᠷᠢᠶᠠᠯᠠᠯ ᠲᠠᠢ ᠪᠠᠭ᠎ᠠ | ᠰᠤᠷᠭᠠᠭᠤᠯᠢ ᠲᠡᠭᠦᠰᠦᠭᠰᠡᠳ ᠬᠡᠷᠪᠡ ᠬᠡᠷ ᠪᠦᠯᠢ ᠶᠢᠨ ᠰᠠᠭᠤᠭ᠎ᠠ ᠭᠠᠵᠠᠷ ᠢᠶᠠᠨ ᠬᠤᠪᠢᠷᠠᠭᠤᠯᠬᠤ᠂ ᠭᠠᠳᠠᠭᠰᠢ ᠭᠠᠷᠴᠤ | ᠬᠦᠴᠦ ᠶᠠᠪᠤᠬᠤ ᠵᠡᠷᠭᠡ ᠰᠢᠯᠲᠠᠭᠠᠨ ᠠᠴᠠ ᠪᠣᠯᠵᠣ ᠵᠢᠨᠢᠩ ᠲᠣᠭᠤᠷᠢᠭ ᠤᠨ ᠭᠠᠳᠠᠨ᠎ᠠ ᠰᠤᠷᠤᠯᠴᠠᠬᠤ ᠴᠢᠬᠤᠯᠠᠲᠠᠶ ᠪᠣᠯ | ︽ᠪᠠᠭ᠎ᠠ ᠰᠤᠷᠭᠠᠭᠤᠯᠢ ᠠᠴᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠳᠤ ᠳᠡᠪᠰᠢᠬᠦ ᠵᠢᠨᠢᠩ ᠲᠣᠭᠤᠷᠢᠭ ᠤᠨ | ᠭᠠᠳᠠᠨ᠎ᠠ ᠰᠤᠷᠤᠯᠴᠠᠬᠤ︾ ᠪᠤᠯᠤᠩ ᠳᠤ ᠬᠠᠮᠢᠶ᠎ᠠ ᠪᠥᠬᠦᠶ ᠮᠡᠳᠡᠭᠡ ᠵᠠᠩᠭᠢ ᠶᠢ ᠳᠠᠩᠰᠠᠯᠠᠨ᠎ᠠ᠃ | 4᠂ ᠬᠢᠨᠠᠨ ᠬᠠᠮᠠᠭᠠᠯᠠᠭᠴᠢ ᠬᠡᠷᠬᠢᠨ ᠰᠦᠯᠵᠢᠶᠡᠨ ᠳᠡᠭᠡᠷ᠎ᠡ ᠦᠷ᠎ᠡ ᠬᠡᠦᠬᠡᠳ ᠲᠡᠭᠡᠨ ᠰᠤᠷᠭᠠᠭᠤᠯᠢ ᠳᠤ ᠣᠷᠣᠬᠤ | ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠪᠣᠢ︖ | ᠬᠠᠷᠢᠭᠤᠯᠲᠠ᠄ ᠬᠠᠷᠠᠭᠠᠯᠵᠠᠨ ᠬᠠᠮᠠᠭᠠᠯᠠᠭᠴᠢ ᠨᠢ ︽ᠵᠢᠨᠢᠩ ᠤᠨ ᠰᠤᠷᠭᠠᠨ ᠬᠥᠮᠦᠵᠢᠯ ᠤᠨ ᠨᠡᠶᠢᠲᠡ ᠶᠢᠨ ᠳ᠋ᠤᠭᠠᠷ - | ᠰᠦᠯᠵᠢᠶᠡᠨ ᠳᠡᠭᠡᠷ᠎ᠡ ᠠᠵᠢᠯ ᠶᠠᠪᠤᠳᠠᠯ ᠭᠦᠢᠴᠡᠳᠬᠡᠬᠦ︾᠂ ︽ᠮᠥᠩᠬᠡ ᠰᠤᠪᠠᠭ - ᠰᠤᠷᠭᠠᠨ ᠬᠥᠮᠦᠵᠢᠯ ᠤᠨ ᠲᠤᠰᠬᠠᠶ | ᠪᠤᠯᠤᠩ - ᠤᠯᠠᠭᠠᠨᠴᠠᠪ ᠤᠨ ᠰᠤᠷᠭᠠᠨ ᠬᠥᠮᠦᠵᠢᠯ︾ ᠪᠤᠶᠤ ︽ᠵᠢᠨᠢᠩ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠰᠦᠯᠵᠢᠶᠡᠨ ᠥᠷᠲᠡᠭᠡ - ᠴᠣᠩᠬᠤ ᠪᠤᠯᠤᠩ︾ ᠠᠴᠠ ︽ᠵᠢᠨᠢᠩ ᠲᠣᠭᠤᠷᠢᠭ ᠲᠤ ᠰᠤᠷᠭᠠᠭᠤᠯᠢ ᠳᠤ | ᠣᠷᠣᠬᠤ ᠭᠤᠶᠤᠴᠢᠯᠠᠯ︾ ᠤᠨ ᠲᠠᠪᠴᠠᠩ ᠳᠤ ᠭᠠᠷᠴᠤ᠂ ︽ᠰᠤᠷᠭᠠᠭᠤᠯᠢ ᠳᠤ ᠣᠷᠣᠬᠤ ᠭᠤᠶᠤᠴᠢᠯᠠᠯ︾ ᠢ | ᠰᠣᠩᠭᠤᠵᠤ᠂ ᠨᠢᠭᠤᠷ ᠤᠨ ᠰᠠᠨᠠᠭᠤᠯᠤᠮᠵᠢ ᠶᠢ ᠦᠨᠳᠦᠰᠦᠯᠡᠨ ︽ᠰᠣᠷᠣᠭᠴᠢ ᠶᠢᠨ ᠦᠨᠳᠦᠰᠦᠨ ᠮᠡᠳᠡᠭᠡ ᠵᠠᠩᠭᠢ︾᠂ | ︽ᠠᠰᠠᠷᠠᠨ ᠬᠠᠮᠠᠭᠠᠯᠠᠭᠴᠢ ᠶᠢᠨ ᠦᠨᠳᠦᠰᠦᠨ ᠮᠡᠳᠡᠭᠡ ᠵᠠᠩᠭᠢ︾᠂ ︽ᠬᠡᠷ ᠬᠥᠷᠥᠩᠭᠡ ᠶᠢᠨ ᠮᠡᠳᠡᠭᠡ ᠵᠠᠩᠭᠢ︾ ᠶᠢᠨ | ᠮᠡᠳᠡᠭᠡ ᠵᠠᠩᠭᠢ ᠶᠢ ᠲᠠᠰ ᠳᠠᠷᠠᠭᠠᠯᠠᠨ ᠲᠠᠭᠯᠠᠨ᠎ᠠ᠃ ᠲᠣᠬᠢᠷᠠᠬᠤ ᠨᠠᠰᠤᠨ ᠤ ᠰᠤᠷᠭᠠᠭᠤᠯᠢ ᠳᠤ ᠣᠷᠣᠭᠰᠠᠨ ᠬᠡᠦᠬᠡᠳ | ᠪᠠᠭᠠᠴᠤᠳ ᠤᠨ ᠡᠷᠦᠬᠡ ᠠᠮᠠ ᠶᠢᠨ ᠬᠠᠷᠢᠶ᠎ᠠ᠂ ᠭᠡᠷ ᠬᠥᠷᠥᠩᠭᠡ ᠶᠢᠨ ᠮᠡᠳᠡᠭᠡ ᠵᠠᠩᠭᠢ ᠶᠢ ᠡᠷᠦᠬᠡ ᠠᠮᠠ ᠶᠢᠨ ᠳᠡᠪᠲᠡᠷ | ᠪᠠ ᠠᠰᠠᠷᠠᠨ ᠬᠠᠮᠠᠭᠠᠯᠠᠭᠴᠢ ᠶᠢᠨ ︵ᠤᠷᠤᠭ ᠰᠠᠯᠤᠭᠰᠠᠨ ᠭᠡᠷ ᠪᠦᠯᠢ ᠠᠴᠠ ᠰᠢᠭᠦᠨ ᠲᠠᠰᠤᠯᠤᠯᠲᠠ ᠬᠢᠵᠦ ᠠᠰᠠᠷᠠᠨ | ᠲᠡᠵᠢᠭᠡᠬᠦ ᠡᠲᠡᠭᠡᠳ ᠤᠨ ᠮᠡᠳᠡᠭᠡ ᠵᠠᠩᠭᠢ︶ ᠶᠣᠰᠣᠭᠠᠷ ᠴᠤᠭᠯᠠᠭᠤᠯᠵᠤ᠂ ᠬᠡᠷᠪᠡ ᠭᠡᠷ ᠡᠷᠦᠬᠡ ᠶᠢᠨ ᠮᠡᠳᠡᠭᠡ ᠵᠠᠩᠭᠢ ᠶᠢ | ᠠᠳᠠᠯᠢ ᠦᠭᠡᠢ ᠪᠣᠯ ᠭᠡᠷ ᠬᠥᠷᠥᠩᠭᠡ ᠶᠢᠨ ᠬᠠᠶ᠋ᠢᠭ ᠢᠶᠠᠷ ᠣᠶᠢᠷ᠎ᠠ ᠬᠠᠪᠢ ᠶᠢᠨ ᠰᠤᠷᠭᠠᠭᠤᠯᠢ ᠳᠤ ᠣᠷᠣᠬᠤ | ᠦᠨᠳᠦᠰᠦᠯᠡᠯ ᠪᠣᠯᠭᠠᠨ᠎ᠠ᠃ | 5. ᠬᠢᠨᠠᠨ ᠬᠠᠮᠠᠭᠠᠯᠠᠭᠴᠢ ᠨᠢ ᠭᠠᠷ ᠤᠲᠠᠰᠤ᠂ ᠺᠣᠮᠫᠢᠦ᠋ᠲ᠋ᠧᠷ ᠤᠨ ᠠᠵᠢᠯᠯᠠᠭ᠎ᠠ ᠶᠢ ᠰᠠᠶᠢᠨ ᠮᠡᠳᠡᠬᠦ ᠦᠭᠡᠢ᠂ | ᠦᠷ᠎ᠡ ᠬᠡᠦᠬᠡᠳ ᠲᠡᠭᠡᠨ ᠬᠡᠷᠬᠢᠨ ᠰᠦᠯᠵᠢᠶᠡᠨ ᠳᠡᠭᠡᠷ᠎ᠡ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠪᠣᠶ︖ | ᠬᠠᠷᠢᠭᠤᠯᠲᠠ᠄ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠰᠦᠯᠵᠢᠶᠡᠨ ᠭᠠᠳᠠᠨᠠᠬᠢ ᠣᠷᠣᠯᠠᠨ ᠭᠦᠢᠴᠡᠳᠬᠡᠬᠦ | ᠴᠡᠭ ᠭᠠᠷᠭᠠᠵᠤ᠂ ᠬᠢᠨᠠᠨ ᠬᠠᠮᠠᠭᠠᠯᠠᠭᠴᠢ ᠨᠢ ᠣᠷᠣᠯᠠᠨ ᠭᠦᠢᠴᠡᠳᠬᠡᠬᠦ ᠴᠡᠭ ᠲᠤ ᠬᠦᠷᠴᠦ ᠠᠰᠠᠭᠤᠨ ᠯᠠᠪᠯᠠᠵᠤ | ᠲᠤᠰᠠᠯᠠᠮᠵᠢ ᠭᠤᠶᠤᠴᠢᠯᠠᠵᠤ ᠪᠣᠯᠣᠨ᠎ᠠ᠂ ︽ᠵᠢᠨᠢᠩ ᠤᠨ ᠰᠤᠷᠭᠠᠨ ᠬᠥᠮᠦᠵᠢᠯ︾᠂ ︽ᠠᠮᠢᠵᠢᠷᠠᠯ ᠤᠨ ᠬᠦᠴᠦᠨ ᠲᠠᠢ | ᠵᠢᠨᠢᠩ︾ ᠨᠡᠶᠢᠲᠡ ᠶᠢᠨ ᠳ᠋ᠤᠭᠠᠷ ᠨᠢ ᠬᠠᠮᠢᠶ᠎ᠠ ᠪᠦᠬᠦᠢ ᠰᠦᠯᠵᠢᠶ᠎ᠡ ᠪᠠᠷ ᠮᠡᠳᠡᠭᠦᠯᠬᠦ ᠶᠠᠪᠤᠴᠠ ᠪᠠ ᠠᠩᠬᠠᠷᠬᠤ ᠵᠦᠢᠯᠡᠰ ᠢ | ᠦᠷᠭᠦᠯᠵᠢᠯᠡᠨ ᠨᠡᠶᠢᠲᠡᠯᠡᠵᠦ᠂ ᠴᠠᠭ ᠢᠮᠠᠭᠲᠠ ᠠᠩᠬᠠᠷᠤᠭᠠᠷᠠᠢ᠃ | 6. ᠰᠦᠯᠵᠢᠶ᠎ᠡ ᠪᠠᠷ ᠮᠡᠳᠡᠭᠦᠯᠦᠭᠰᠡᠨ ᠮᠡᠳᠡᠭᠡ ᠵᠠᠩᠭᠢ ᠶᠢ ᠲᠤᠰᠢᠶᠠᠭᠰᠠᠨ ᠤ ᠳᠠᠷᠠᠭ᠎ᠠ᠂ ᠮᠡᠳᠡᠭᠡ ᠵᠠᠩᠭᠢ ᠶᠢ ᠵᠠᠰᠠᠵᠤ | ᠪᠣᠯᠤᠨ᠎ᠠ ᠤᠤ ᠦᠭᠡᠢ ᠤᠤ︖ | ᠬᠠᠷᠢᠭᠤᠯᠲᠠ᠄ ᠪᠣᠯᠬᠤ ᠦᠭᠡᠢ᠂ ᠬᠠᠷᠠᠭᠠᠯᠵᠠᠨ ᠬᠠᠮᠠᠭᠠᠯᠠᠭᠴᠢ ᠨᠢ ᠮᠡᠳᠡᠭᠡ ᠵᠠᠩᠭᠢ ᠶᠢᠨ ᠦᠨᠡᠨ ᠪᠣᠳᠠᠲᠤ ᠴᠢᠨᠠᠷ᠂ | ᠴᠠᠭ ᠲᠤᠬᠠᠶᠢᠢᠴᠢ ᠴᠢᠨᠠᠷ ᠲᠠᠢ ᠬᠠᠷᠢᠭᠤᠴᠠᠵᠤ᠂ ᠮᠡᠳᠡᠭᠡ ᠵᠠᠩᠭᠢ ᠶᠢ ᠲᠤᠰᠢᠶᠠᠭᠰᠠᠨ ᠤ ᠳᠠᠷᠠᠭ᠎ᠠ ᠳᠠᠬᠢᠵᠤ ᠵᠠᠰᠠᠪᠤᠷᠢ | ᠣᠷᠣᠭᠤᠯᠵᠤ ᠪᠣᠯᠬᠤ ᠦᠭᠡᠢ᠂ ᠬᠡᠷ ᠤᠨ ᠠᠬᠠᠮᠠᠳ ᠨᠠᠶᠢᠵᠠ ᠨᠠᠷ ᠤᠨ ᠳᠠᠭᠤᠷᠢᠶᠠᠮᠠᠯ ᠰᠣᠷᠢᠯᠲᠠ ᠶᠢᠨ | ᠬᠤᠭᠤᠴᠠᠭᠠᠨ ᠳᠤ ᠲᠠᠭᠯᠠᠨ ᠮᠡᠳᠡᠭᠦᠯᠬᠦ ᠱᠠᠭᠠᠷᠳᠠᠯᠭ᠎ᠠ ᠶᠢ ᠨᠠᠷᠢᠨ ᠬᠢᠨᠠᠮᠠᠭᠠᠶ ᠤᠩᠰᠢᠵᠤ᠂ ᠬᠠᠮᠢᠶ᠎ᠠ ᠪᠥᠬᠦᠶ ᠮᠠᠲ᠋ᠧᠷᠢᠶᠠᠯ | ᠵᠢᠴᠢ ᠲᠣᠳᠣᠷᠬᠠᠶ ᠭᠡᠷᠡᠴᠢᠯᠡᠯ ᠤᠨ ᠵᠢᠷᠤᠭ ᠢ ᠤᠷᠢᠳᠴᠢᠯᠠᠨ 2 ᠤᠳᠠᠭ᠎ᠠ ᠪᠡᠯᠡᠳᠬᠡᠵᠦ᠂ ᠬᠤᠳᠠᠯ ᠬᠠᠭᠤᠷᠮᠠᠭ | ᠮᠠᠲ᠋ᠧᠷᠢᠶᠠᠯ ᠢ ᠲᠠᠪᠴᠠᠩ ᠳᠤ ᠦᠷᠭᠦᠯᠵᠢᠯᠡᠨ 2 ᠤᠳᠠᠭ᠎ᠠ ᠲᠤᠰᠢᠶᠠᠭᠠᠳ ᠪᠤᠴᠠᠭᠠᠭᠰᠠᠨ ᠪᠠᠶᠢᠪᠠᠯ᠂ ︽ᠰᠣᠷᠣᠭᠴᠢ | ᠡᠯᠰᠡᠬᠦ ᠰᠤᠷᠭᠠᠭᠤᠯᠢ ᠶᠢᠨ ᠦᠨᠡᠨᠴᠢ ᠢᠲᠡᠭᠡᠮᠵᠢ ᠶᠢᠨ ᠬᠠᠷ᠎ᠠ ᠲᠠᠩᠰᠠ︾ ᠳᠤ ᠵᠢᠭᠰᠠᠭᠠᠨ ᠣᠷᠣᠭᠤᠯᠵᠤ᠂ | ᠲᠤᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠤᠳᠤᠷᠢᠳᠬᠤ | ᠳᠤᠭᠤᠶᠢᠯᠠᠩ ᠠᠴᠠ ᠰᠤᠯᠠ ᠦᠯᠡᠳᠡᠪᠦᠷᠢ ᠡᠷᠳᠡᠮ ᠤᠨ ᠴᠣᠯᠠ ᠲᠠᠢ ᠰᠤᠷᠭᠠᠭᠤᠯᠢ ᠳᠤ ᠰᠣᠷᠣᠭᠴᠢ ᠡᠯᠰᠡᠵᠦ᠂ | ᠬᠤᠪᠢᠶᠠᠷᠢᠯᠠᠭᠰᠠᠨ ᠤ ᠳᠠᠷᠠᠭ᠎ᠠ ᠳᠠᠬᠢᠨ ᠲᠣᠬᠢᠷᠠᠭᠤᠯᠤᠯᠲᠠ ᠬᠢᠬᠦ ᠥᠬᠡᠶ᠂ ᠡᠭᠦᠨ ᠠᠴᠠ ᠪᠣᠯᠤᠭᠰᠠᠨ ᠠᠯᠢᠪᠠ ᠦᠷ᠎ᠡ | ᠳ᠋ᠦᠩ ᠢ ᠬᠡᠷ ᠤᠨ ᠠᠬᠠᠮᠠᠳ ︵ᠬᠠᠤᠯᠢ ᠪᠠᠷ ᠲᠣᠭᠲᠠᠭᠠᠭᠰᠠᠨ ᠬᠢᠨᠠᠨ ᠬᠠᠮᠠᠭᠠᠯᠠᠭᠴᠢ︶ ᠥᠪᠡᠰᠦᠪᠡᠨ ᠡᠭᠦᠷᠭᠡᠯᠡᠨ᠎ᠡ᠃ | 7. ᠨᠡᠷ᠎ᠡ ᠮᠡᠳᠡᠭᠦᠯᠬᠦ ᠲᠠᠪᠴᠠᠩ ᠤᠨ ᠳᠠᠩᠰᠠᠯᠠᠭᠤᠯᠤᠭᠰᠠᠨ ᠮᠡᠳᠡᠭᠡ ᠵᠠᠩᠭᠢ ᠨᠢ ᠬᠦᠴᠦᠨ ᠥᠬᠡᠶ ᠪᠣᠯᠭᠠᠵᠤ ᠪᠣᠯᠤᠨ᠎ᠠ | ᠤᠤ︖ | ᠬᠠᠷᠢᠭᠤᠯᠲᠠ᠄ ᠪᠣᠯᠣᠨ᠎ᠠ᠂ ᠳᠠᠩᠰᠠᠯᠠᠭᠰᠠᠨ ᠮᠡᠳᠡᠭᠡ ᠵᠠᠩᠭᠢ ᠨᠢ ᠬᠦᠨᠳᠦ ᠨᠣᠴᠢᠲᠠᠢ ᠪᠤᠷᠤᠭᠤ ᠪᠠᠶᠢᠬᠤ ᠦᠶᠡᠰ ︽ | ᠳᠠᠩᠰᠠᠨ ᠠᠴᠠ ᠬᠠᠰᠤᠬᠤ ᠲᠠᠩᠰᠠᠨ ᠤ ᠨᠣᠮᠧᠷ︾ ᠢ ᠰᠤᠩᠭᠤᠵᠤ ᠪᠣᠯᠣᠨ᠎ᠠ᠂ ᠲᠠᠩᠰᠠᠨ ᠤ ᠨᠣᠮᠧᠷ ᠨᠢ ᠳᠠᠩᠰᠠᠨ ᠠᠴᠠ | ᠬᠠᠰᠤᠬᠤ ᠳᠤ ᠬᠦᠷᠪᠡᠯ᠂ ᠲᠠᠭᠯᠠᠨ ᠪᠢᠴᠢᠭᠰᠡᠨ ᠪᠣᠢ ᠪᠦᠬᠦᠢ ᠵᠠᠩᠬᠢ ᠶᠢ ᠴᠤ ᠠᠷᠢᠯᠭᠠᠨ᠎ᠠ᠂ ᠪᠣᠯᠭᠤᠮᠵᠢᠲᠠᠢ ᠬᠢᠭᠡᠷᠡᠢ᠃ | 8. ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠬᠡᠷᠪᠡ ᠴᠠᠭ ᠢ ᠨᠢᠭᠡᠳᠦᠯᠲᠡᠢ ᠰᠦᠯᠵᠢᠶᠡᠨ ᠳᠡᠭᠡᠷ᠎ᠡ ᠨᠡᠷ᠎ᠡ | ᠮᠡᠳᠡᠭᠦᠯᠬᠦ ᠳᠤ ᠣᠷᠣᠯᠴᠠᠭᠰᠠᠨ ᠦᠭᠡᠢ ᠪᠣᠯ ᠬᠦᠰᠡᠯ ᠰᠠᠨᠠᠭ᠎ᠠ ᠪᠠᠨ ᠦᠨᠳᠦᠰᠦᠯᠡᠨ ᠲᠤᠭᠤᠷᠢᠭ ᠤᠨ ᠬᠠᠷᠢᠶ᠎ᠠ ᠪᠠᠭ᠎ᠠ | ᠰᠤᠷᠭᠠᠭᠤᠯᠢ ᠳᠤ ᠰᠤᠷᠭᠠᠭᠤᠯᠢ ᠰᠣᠩᠭᠤᠵᠤ ᠰᠤᠷᠤᠯᠴᠠᠵᠤ ᠪᠣᠯᠣᠨ᠎ᠠ ᠤᠤ ᠦᠭᠡᠢ ᠤᠤ︖ | ᠬᠠᠷᠢᠭᠤᠯᠲᠠ᠄ ᠪᠣᠯᠬᠤ ᠦᠭᠡᠢ᠃ ᠲᠣᠭᠲᠠᠭᠰᠠᠨ ᠴᠠᠭ ᠤᠨ ᠳᠣᠲᠣᠷ᠎ᠠ ᠨᠡᠷ᠎ᠡ ᠮᠡᠳᠡᠭᠦᠯᠦᠭᠰᠡᠨ ᠦᠭᠡᠢ ᠬᠡᠦᠬᠡᠳ | ᠪᠠᠭᠠᠴᠤᠳ ᠨᠢ ᠵᠢᠨᠢᠩ ᠲᠣᠭᠤᠷᠢᠭ ᠲᠤ ᠰᠤᠷᠭᠠᠭᠤᠯᠢ ᠳᠤ ᠣᠷᠣᠬᠤ ᠬᠡᠷᠡᠭᠴᠡᠭᠡ ᠦᠭᠡᠢ ᠪᠣᠯᠬᠤᠷ ᠨᠥᠬᠦᠵᠦ ᠡᠯᠰᠡᠬᠦ | ᠦᠭᠡᠢ᠃ | 9. ᠡᠨᠡ ᠵᠢᠯ ᠬᠡᠰᠡᠭ ᠲᠣᠭᠤᠷᠢᠭ ᠲᠤ ᠲᠣᠬᠢᠷᠠᠭᠤᠯᠤᠯᠲᠠ ᠬᠢᠨ᠎ᠡ ᠦᠦ︖ | ᠬᠠᠷᠢᠭᠤᠯᠲᠠ᠄ ᠰᠤᠷᠭᠠᠭᠤᠯᠢ ᠶᠢᠨ ᠲᠣᠭᠤᠷᠢᠭ ᠢ ᠵᠣᠬᠢᠬᠤ ᠴᠠᠭ ᠤᠨ ᠳᠣᠲᠣᠷ᠎ᠠ ᠲᠣᠭᠲᠠᠭᠤᠨ ᠴᠢᠨᠠᠷ ᠲᠠᠢ | ᠬᠤᠪᠢᠶᠠᠷᠢᠯᠠᠵᠤ᠂ ᠵᠢᠨᠢᠩ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ | ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠣᠷᠣᠨ ᠪᠦᠰᠡ ᠶᠢᠨ ᠳᠣᠲᠣᠷᠠᠬᠢ ᠰᠤᠷᠭᠠᠭᠤᠯᠢ ᠳᠤ ᠣᠷᠣᠬᠤ | ᠨᠠᠰᠤᠨ ᠤ ᠬᠡᠤᠬᠡᠳ ᠪᠠᠭᠠᠴᠤᠳ ᠤᠨ ᠬᠥᠮᠦᠨ ᠤ ᠲᠤᠭ᠎ᠠ᠂ ᠰᠤᠷᠭᠠᠭᠤᠯᠢ ᠶᠢᠨ ᠲᠠᠷᠬᠠᠯᠲᠠ᠂ ᠰᠤᠷᠭᠠᠭᠤᠯᠢ ᠶᠢᠨ | ᠬᠡᠪᠴᠢᠶ᠎ᠡ᠂ ᠵᠠᠮ ᠬᠠᠷᠢᠯᠴᠠᠭᠠᠨ ᠤ ᠪᠠᠶᠢᠳᠠᠯ ᠵᠡᠷᠭᠡ ᠬᠦᠴᠦᠨ ᠵᠦᠶᠯ ᠢ ᠦᠨᠳᠦᠰᠦᠯᠡᠨ᠂ ᠬᠡᠰᠡᠭ ᠬᠤᠪᠢᠶᠠᠬᠤ | ᠬᠡᠪᠴᠢᠶ᠎ᠡ ᠶᠢ ᠵᠣᠬᠢᠰᠲᠠᠶ ᠲᠣᠬᠢᠷᠠᠭᠤᠯᠬᠤ ᠶᠢᠨ ᠬᠠᠮᠲᠤ ᠴᠠᠭ ᠲᠤᠬᠠᠶ ᠳᠤᠨᠢ ᠨᠡᠶᠢᠭᠡᠮ ᠳᠤ ᠢᠯᠡ ᠨᠡᠶᠢᠲᠡᠯᠡᠵᠦ᠂ | ᠣᠷᠣᠵᠤ ᠰᠠᠭᠤᠬᠤ ᠨᠥᠬᠦᠴᠡᠯ ᠢ ᠪᠦᠷᠢᠯᠳᠦᠭᠦᠯᠦᠭᠡᠳᠦᠶ ᠠᠰᠠᠷ ᠪᠣᠯᠤᠨ ᠬᠤᠳᠠᠯᠳᠤᠭᠠᠨ ᠤ ᠫᠦᠰᠡ᠂ ᠲᠡᠷᠭᠡᠨ | ᠬᠥᠮᠥᠷᠭᠡ ᠵᠡᠷᠭᠡ ᠡᠩ ᠤᠨ ᠪᠤᠰᠤ ᠣᠷᠣᠨ ᠰᠠᠭᠤᠴᠠ ᠶᠢ ᠰᠤᠷᠤᠯᠭ᠎ᠠ ᠶᠢᠨ ᠲᠣᠭᠤᠷᠢᠭ ᠬᠤᠪᠢᠶᠠᠬᠤ ᠥᠬᠡᠶ᠃ ᠬᠥᠮᠦᠨ | ᠠᠮᠠ ᠲᠥᠪᠯᠡᠷᠡᠭᠰᠡᠨ ᠣᠷᠣᠨ ᠪᠦᠰᠡ ᠳᠤ᠂ ᠪᠦᠯᠦᠭᠯᠡᠯᠵᠢᠭᠦᠯᠦᠨ ᠰᠤᠷᠭᠠᠭᠤᠯᠢ ᠡᠷᠬᠢᠯᠡᠬᠦ᠂ ᠬᠠᠮᠲᠤᠷᠠᠨ ᠰᠤᠷᠭᠠᠭᠤᠯᠢ | ᠡᠷᠬᠢᠯᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠪᠠᠭᠠᠰᠬᠠᠵᠤ | ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠬᠦ ᠶᠢ ᠠᠬᠢᠭᠤᠯᠬᠤ ᠬᠡᠷᠡᠭᠲᠡᠶ᠃ | 10 . ᠡᠷ᠎ᠡ ᠡᠮ᠎ᠡ ᠬᠤᠶᠠᠭᠤᠯᠠ ᠬᠡᠷ ᠬᠥᠷᠥᠩᠭᠡ ᠶᠢ ᠬᠡᠷᠬᠢᠨ ᠲᠠᠭᠯᠠᠬᠤ ᠪᠣᠶ︖ ᠣᠯᠠᠨ ᠬᠥᠮᠥᠨ ᠤ ᠨᠡᠶᠢᠲᠡ ᠶᠢᠨ | ᠭᠡᠷ ᠬᠥᠷᠥᠩᠭᠡ ᠨᠢ ᠦᠷ᠎ᠡ ᠬᠡᠦᠬᠡᠳ ᠤᠨ ᠢᠶᠠᠨ ᠰᠤᠷᠭᠠᠭᠤᠯᠢ ᠳᠤ ᠣᠷᠣᠬᠤ ᠦᠨᠳᠦᠰᠦᠯᠡᠯ ᠪᠣᠯᠭᠠᠵᠤ ᠪᠣᠯᠣᠨ᠎ᠠ ᠤᠤ︖ | | ᠬᠠᠷᠢᠭᠤᠯᠲᠠ᠄ ᠬᠢᠨᠠᠨ ᠬᠠᠮᠠᠭᠠᠯᠠᠭᠴᠢ ᠨᠢ ᠭᠡᠷ ᠬᠥᠷᠥᠩᠭᠡ ᠶᠢᠨ ᠥᠮᠴᠢᠯᠡᠭᠴᠢ ᠪᠠᠶᠢᠬᠤ ᠬᠡᠷᠡᠭᠲᠡᠢ᠃ ᠭᠡᠷ | ᠬᠥᠷᠥᠩᠭᠡ ᠨᠢ ᠡᠷ᠎ᠡ ᠡᠮ᠎ᠡ ᠬᠤᠶᠠᠭᠤᠯᠠ ᠶᠢᠨ ᠬᠠᠮᠲᠤ ᠪᠠᠷ ᠥᠮᠴᠢᠯᠡᠵᠦ᠂ ᠡᠷ᠎ᠡ ᠡᠮ᠎ᠡ ᠬᠤᠶᠠᠭᠤᠯᠠ ᠶᠢᠨ ᠬᠤᠶᠠᠷ | ᠲᠠᠯ᠎ᠠ ᠶᠢᠨ ᠨᠡᠷ᠎ᠡ ᠶᠢ ᠲᠠᠭᠯᠠᠨ ᠮᠡᠳᠡᠭᠦᠯᠬᠦ ᠪᠤᠶᠤ ᠨᠢᠭᠡ ᠲᠠᠯ᠎ᠠ ᠶᠢᠨ ᠨᠡᠷ᠎ᠡ ᠶᠢ ᠡᠭᠦᠷᠭᠡᠯᠡᠪᠡᠯ᠂ ᠮᠠᠭᠠᠳᠯᠠᠨ | ᠲᠣᠭᠲᠠᠭᠠᠭᠰᠠᠨ ᠦᠷ᠎ᠡ ᠳ᠋ᠦᠩ ᠢ ᠨᠥᠯᠥᠭᠡᠯᠡᠬᠦ ᠦᠭᠡᠢ᠃ ᠭᠡᠷ ᠪᠠᠶᠢᠰᠢᠩ ᠤᠨ ᠥᠮᠴᠢᠯᠡᠬᠦ ᠡᠷᠬᠡ ᠨᠢ ᠣᠯᠠᠨ | ᠬᠥᠮᠥᠨ ᠤ ᠬᠠᠮᠲᠤ ᠪᠠᠷ ᠥᠮᠴᠢᠯᠡᠬᠦ ︵ᠡᠷ᠎ᠡ ᠡᠮ᠎ᠡ ᠬᠤᠶᠠᠭᠤᠯᠠ ᠶᠢᠨ ᠬᠠᠮᠲᠤ ᠪᠠᠷ ᠥᠮᠴᠢᠯᠡᠬᠦ ᠪᠠᠭᠲᠠᠬᠤ ᠦᠭᠡᠢ︶ | ᠪᠠᠶᠢᠵᠤ᠂ ᠲᠣᠰ ᠭᠡᠷ ᠬᠥᠷᠥᠩᠭᠡ ᠨᠢ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠦᠨᠳᠦᠰᠦᠯᠡᠯ ᠪᠣᠯᠭᠠᠵᠤ | ᠪᠣᠯᠬᠤ ᠦᠭᠡᠢ᠃ | 11. ᠠᠰᠠᠷᠠᠨ ᠬᠠᠮᠠᠭᠠᠯᠠᠭᠴᠢ ᠶᠢᠨ ᠣᠷᠣᠨ ᠰᠠᠭᠤᠴᠠ ᠶᠢ ᠪᠠᠷᠢᠴᠠᠭᠠᠯᠠᠬᠤ ᠳᠤ ᠶᠠᠮᠠᠷ ᠮᠠᠲ᠋ᠧᠷᠢᠶᠠᠯ ᠢ ᠦᠨᠳᠦᠰᠦᠯᠡᠨ | ᠰᠦᠯᠵᠢᠶᠡᠨ ᠳᠡᠭᠡᠷ᠎ᠡ ᠮᠡᠳᠡᠭᠦᠯᠬᠦ ᠪᠣᠢ︖ | ᠬᠠᠷᠢᠭᠤᠯᠲᠠ᠄ ᠬᠤᠲᠠ ᠶᠢᠨ ᠠᠷᠠᠳ ᠬᠡᠤᠬᠡᠳ ᠲᠤ ᠰᠦᠯᠵᠢᠶ᠎ᠡ ᠪᠠᠷ ᠨᠡᠷ᠎ᠡ ᠮᠡᠳᠡᠭᠦᠯᠬᠦ ᠳᠤ᠂ ᠬᠡᠷ ᠬᠥᠷᠥᠩᠭᠡ ᠶᠢᠨ | ᠦᠨᠡᠮᠯᠡᠯ ᠤᠨ ᠤᠭ ᠮᠠᠲ᠋ᠧᠷᠢᠶᠠᠯ ᠢ ᠳᠡᠭᠡᠭᠰᠢ ᠳᠠᠮᠵᠢᠭᠤᠯᠬᠤ ᠬᠡᠷᠡᠭᠲᠡᠶ᠃ ᠬᠡᠷᠪᠡ ᠣᠷᠣᠨ ᠰᠠᠭᠤᠴᠠ ᠪᠠᠨ | ᠪᠠᠷᠢᠴᠠᠭᠠᠯᠠᠬᠤ ᠳᠤ ᠬᠦᠷᠪᠡᠯ᠂ ᠪᠠᠷᠢᠴᠠᠭᠠᠯᠠᠬᠤ ᠭᠡᠷ᠎ᠡ ︵ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ ᠤᠨ | ᠨᠣᠮᠧᠷ ᠪᠤᠶᠤ ᠤᠷᠢᠳᠴᠢᠯᠠᠨ ᠮᠡᠳᠡᠭᠳᠡᠬᠦ ᠳᠡᠩᠰᠡᠯᠡᠯᠲᠡ ᠶᠢᠨ ᠨᠣᠮᠧᠷ ᠢᠶᠠᠨ ᠲᠣᠳᠣᠷᠬᠠᠶᠢᠯᠠᠬᠤ ᠬᠡᠷᠡᠭᠲᠡᠶ︶ ᠶᠢ ᠳᠡᠭᠡᠭᠰᠢ | ᠳᠠᠮᠵᠢᠭᠤᠯᠵᠤ ᠪᠣᠯᠤᠨ᠎ᠠ᠃ | 12. ᠬᠤᠳᠠᠯᠳᠤᠨ ᠠᠪᠤᠭᠰᠠᠨ ᠭᠡᠷ ᠬᠥᠷᠥᠩᠭᠡ ᠶᠢᠨ ᠲᠥᠯᠦᠪᠵᠢᠭᠦᠯᠭᠡ ᠶᠢᠨ ᠬᠡᠷᠡᠭᠴᠡᠭᠡ ᠪᠣᠯ ᠨᠡᠶᠢᠲᠡ ᠶᠢᠨ ᠪᠠᠶᠢᠷᠢ | ᠮᠥᠨ᠂ ᠣᠷᠣᠨ ᠰᠠᠭᠤᠴᠠ ᠲᠠᠢ ᠠᠳᠠᠯᠢᠬᠠᠨ ᠰᠤᠷᠭᠠᠭᠤᠯᠢ ᠳᠤ ᠣᠷᠣᠵᠤ ᠪᠣᠯᠣᠨ᠎ᠠ ᠦᠦ︖ | ᠬᠠᠷᠢᠭᠤᠯᠲᠠ᠄ ᠰᠤᠷᠭᠠᠭᠤᠯᠢ ᠳᠤ ᠣᠷᠣᠵᠤ ᠪᠣᠯᠣᠨ᠎ᠠ᠂ ᠭᠡᠪᠡᠴᠦ ᠰᠤᠷᠭᠠᠭᠤᠯᠢ ᠳᠤ ᠣᠷᠣᠬᠤ ᠲᠥᠰᠥᠯ ᠳᠤ | ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠢ᠃ ᠵᠢᠨᠢᠩ ᠲᠣᠭᠤᠷᠢᠭ ᠨᠢ ᠡᠷᠦᠬᠡ ᠠᠮᠠ ᠶᠢ ᠡᠩ | ᠲᠡᠷᠢᠭᠦᠨ ᠳᠤ ᠪᠠᠶᠢᠯᠭᠠᠬᠤ ᠵᠠᠷᠴᠢᠮ ᠢ ᠪᠠᠷᠢᠮᠲᠠᠯᠠᠨ᠎ᠠ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠠᠤᠯᠢ︾ ᠶᠢ ᠦᠨᠳᠦᠰᠦᠯᠡᠨ᠂ ᠵᠢᠨᠢᠩ ᠲᠣᠭᠤᠷᠢᠭ ᠤᠨ ᠡᠷᠦᠬᠡ | ᠠᠮᠠ ᠶᠢ ᠪᠤᠰᠤᠳ ᠡᠷᠦᠬᠡ ᠠᠮᠠ ᠶᠢᠨ ᠬᠤᠪᠢᠶᠠᠷᠢᠯᠠᠯᠲᠠ ᠠᠴᠠ ᠤᠷᠢᠳ ᠢᠶᠠᠷ ᠬᠤᠪᠢᠶᠠᠷᠢᠯᠠᠪᠠ ᠃ ᠭᠡᠷ ᠪᠠᠶᠢᠰᠢᠩ ᠤᠨ | ᠥᠮᠴᠢᠯᠡᠯ ᠤᠨ ᠡᠷᠬᠡ ᠶᠢᠨ ᠲᠥᠯᠥᠪᠵᠢᠭᠦᠯᠭᠡ ᠶᠢᠨ ᠬᠡᠷᠡᠭᠴᠡᠭᠡ ᠶᠢ ᠦᠨᠳᠦᠰᠦᠯᠡᠨ᠂ ︽ᠣᠷᠣᠨ ᠰᠠᠭᠤᠴᠠ︾ ᠶᠢ ︽ | ᠨᠡᠶᠢᠲᠡ ᠶᠢᠨ ᠪᠠᠶᠢᠷᠢ︾ ᠳᠤ ᠤᠷᠢᠳ ᠢᠶᠠᠷ ᠬᠤᠪᠢᠶᠠᠷᠢᠯᠠᠪᠠ᠃ ᠬᠤᠪᠢᠶᠠᠷᠢᠯᠠᠬᠤ ᠦᠶ᠎ᠡ ᠳᠤ ︽ᠥᠯᠥ ᠬᠥᠳᠡᠯᠬᠦ | ᠬᠥᠷᠥᠩᠭᠡ ᠶᠢᠨ ᠡᠷᠬᠡ ᠶᠢᠨ ᠦᠨᠡᠮᠯᠡᠯ︾᠂ ︽ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ︾ ᠢ | ᠰᠦᠯᠵᠢᠶᠡᠨ ᠳᠡᠭᠡᠷ᠎ᠡ ︽ᠲᠠᠸᠠᠷ ᠤᠨ ᠭᠡᠷ ᠪᠠᠶᠢᠰᠢᠩ ᠤᠨ ᠬᠤᠳᠠᠯᠳᠤᠭᠠᠨ ᠤ ᠭᠡᠷ᠎ᠡ︾᠂ ︽ᠭᠡᠷ ᠪᠠᠶᠢᠰᠢᠩ ᠢ ᠨᠤᠷᠠᠭᠠᠨ | ᠨᠡᠭᠦᠯᠭᠡᠬᠦ ᠨᠥᠬᠦᠪᠥᠷᠢ ᠲᠥᠪᠬᠢᠨᠡᠭᠦᠯᠬᠦ ᠬᠡᠯᠡᠯᠴᠡᠭᠡᠷ ᠤᠨ ᠪᠢᠴᠢᠭ︾ ᠢ ᠤᠷᠢᠳᠠᠪᠠᠷ ᠭᠠᠷ ᠤᠨ ᠦᠰᠦᠭ ᠵᠢᠷᠤᠵᠤ᠂ | ᠰᠦᠯᠵᠢᠶᠡᠨ ᠳᠡᠭᠡᠷ᠎ᠡ ︽ᠲᠠᠸᠠᠷ ᠤᠨ ᠭᠡᠷ ᠪᠠᠶᠢᠰᠢᠩ ᠤᠨ ᠬᠤᠳᠠᠯᠳᠤᠭᠠᠨ ᠤ ᠭᠡᠷ᠎ᠡ︾ ᠶᠢ ︽ᠬᠤᠳᠠᠯᠳᠤᠨ ᠠᠪᠬᠤ | ᠬᠡᠯᠡᠯᠴᠡᠭᠡᠷ︾ ᠵᠢᠴᠢ ᠪᠤᠰᠤᠳ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠭᠡᠷᠡᠴᠢ︾ ᠳᠤ ᠤᠷᠢᠳ ᠢᠶᠠᠷ | ᠭᠠᠷ ᠤᠨ ᠦᠰᠦᠭ ᠵᠢᠷᠤᠪᠠ ᠃ | 13᠂ ︽ᠥᠪᠡᠷ ᠢᠶᠠᠨ ᠪᠠᠷᠢᠭᠰᠠᠨ ᠬᠡᠷ ᠪᠠᠶᠢᠰᠢᠩ︾ ᠪᠠ ︽ᠬᠡᠷ ᠬᠥᠷᠥᠩᠭᠡ ᠶᠢᠨ ᠭᠠᠷᠳᠠᠮ ᠭᠦᠢᠴᠡᠳᠬᠡᠵᠦ ᠳᠡᠶᠢᠯᠬᠦ | ᠥᠬᠡᠶ︾ ᠰᠠᠭᠤᠭᠠᠯᠢ ᠲᠣᠭᠤᠷᠢᠭ ᠢ ᠬᠡᠷᠬᠢᠨ ᠲᠠᠭᠯᠠᠨ ᠮᠡᠳᠡᠭᠦᠯᠬᠦ ᠪᠣᠶ︖ | ᠬᠠᠷᠢᠭᠤᠯᠲᠠ᠄ ︽ᠥᠪᠡᠰᠦᠪᠡᠨ ᠪᠠᠷᠢᠭᠰᠠᠨ ᠬᠡᠷ ᠪᠠᠶᠢᠰᠢᠩ︾ ᠢ ᠰᠦᠯᠵᠢᠶᠡᠨ ᠭᠠᠳᠠᠨ᠎ᠠ ᠲᠣᠭᠤᠷᠢᠭ ᠤᠨ ᠰᠤᠷᠭᠠᠨ | ᠬᠥᠮᠦᠵᠢᠯ ᠤᠨ ᠲᠣᠪᠴᠢᠶ᠎ᠠ ᠳᠤ ᠬᠠᠷᠢᠶ᠎ᠠ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠠᠮᠢᠶ᠎ᠠ ᠪᠥᠬᠦᠶ ᠭᠡᠷᠡᠴᠢ ᠶᠢ | ᠬᠠᠩᠭᠠᠵᠤ᠂ ᠰᠦᠯᠵᠢᠶ᠎ᠡ ᠪᠠᠷ ᠮᠡᠳᠡᠭᠦᠯᠬᠦ ᠦᠶ᠎ᠡ ᠳᠤ ︽ᠬᠡᠷ ᠪᠠᠶᠢᠰᠢᠩ ᠥᠬᠡᠶ︾ ᠶᠣᠰᠣᠭᠠᠷ ᠲᠠᠭᠯᠠᠵᠤ᠂ | ᠲᠣᠭᠤᠷᠢᠭ ᠤᠨ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠨᠢᠭᠡᠳᠦᠯᠲᠡᠶ | ᠲᠥᠯᠥᠪᠯᠡᠨ ᠰᠢᠢᠳᠪᠦᠷᠢᠯᠡᠨ᠎ᠡ᠃ ᠪᠥᠬᠦ ᠵᠣᠭᠤᠰ ᠪᠤᠶᠤ ᠵᠢᠭᠡᠯᠡᠯᠭᠡ ᠪᠠᠷ ᠬᠡᠷ ᠪᠠᠶᠢᠰᠢᠩ ᠬᠤᠳᠠᠯᠳᠤᠨ ᠠᠪᠬᠤ ᠳᠤ᠂ | ᠬᠤᠪᠢ ᠬᠥᠮᠦᠨ ᠤ ᠪᠤᠰᠤ ᠰᠢᠯᠲᠠᠭᠠᠨ ᠠᠴᠠ ᠪᠣᠯᠵᠣ ᠬᠡᠷ ᠪᠠᠶᠢᠰᠢᠩ ᠬᠤᠳᠠᠯᠳᠤᠨ ᠠᠪᠬᠤ ᠭᠠᠷᠳᠠᠮ | ᠭᠦᠢᠴᠡᠳᠬᠡᠬᠦ ᠶᠢᠨ ᠠᠷᠭ᠎ᠠ ᠥᠬᠡᠶ ᠪᠠᠶᠢᠪᠠᠯ᠂ ᠰᠦᠯᠵᠢᠶᠡᠨ ᠭᠠᠳᠠᠨ᠎ᠠ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ ᠳᠤ ︽ᠬᠡᠷ ᠪᠠᠶᠢᠰᠢᠩ ᠬᠤᠳᠠᠯᠳᠤᠨ ᠠᠪᠬᠤ ᠵᠥᠪᠯᠡᠯᠴᠡᠭᠡᠷ︾ ᠬᠠᠩᠭᠠᠵᠤ᠂ ᠬᠡᠷ ᠪᠠᠶᠢᠰᠢᠩ ᠬᠤᠳᠠᠯᠳᠤᠨ | ᠠᠪᠬᠤ ᠫᠢᠶᠣᠣ ᠪᠠᠷᠢᠮᠲᠠ ᠬᠢᠭᠡᠳ ᠥᠮᠴᠢᠯᠡᠬᠦ ᠡᠷᠬᠡ ᠶᠢᠨ ᠮᠡᠳᠡᠭᠡ ᠵᠠᠩᠭᠢ ᠶᠢᠨ ᠨᠢᠭᠡᠳᠦᠯᠲᠡᠶ ᠤᠰᠤ᠂ ᠴᠠᠬᠢᠯᠭᠠᠨ᠂ | ᠳᠤᠯᠠᠭᠠᠯᠠᠭ᠎ᠠ ᠶᠢᠨ ᠮᠡᠳᠡᠭᠡ ᠵᠠᠩᠭᠢ ᠵᠢᠴᠢ ᠪᠠᠶᠢᠭ᠎ᠠ ᠵᠡᠭᠡᠯᠢ ᠭᠤᠳᠤᠮᠵᠢ ᠨᠡᠶᠢᠭᠡᠮ ᠲᠣᠭᠤᠷᠢᠭ ᠤᠨ ᠬᠠᠮᠢᠶ᠎ᠠ ᠪᠥᠬᠦᠶ | ᠣᠷᠣᠨ ᠰᠠᠭᠤᠴᠠ ᠶᠢᠨ ᠭᠡᠷᠡᠴᠢ ᠬᠠᠩᠭᠠᠵᠤ᠂ ᠰᠦᠯᠵᠢᠶ᠎ᠡ ᠪᠠᠷ ᠮᠡᠳᠡᠭᠦᠯᠬᠦ ᠦᠶ᠎ᠡ ᠳᠤ ︽ᠬᠡᠷ ᠪᠠᠶᠢᠰᠢᠩ ᠥᠬᠡᠶ︾ | ᠶᠣᠰᠣᠭᠠᠷ ᠲᠠᠭᠯᠠᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠬᠡᠷ ᠠᠴᠠ ᠨᠢᠭᠡᠳᠦᠯᠲᠡᠶ ᠲᠥᠯᠥᠪᠯᠡᠨ ᠰᠢᠢᠳᠪᠦᠷᠢᠯᠡᠵᠦ ᠪᠣᠯᠤᠨ᠎ᠠ᠃ | 14. ︽ᠭᠡᠷ ᠥᠬᠡᠶ ᠪᠠᠶᠢᠬᠤ︾ ᠶᠢ ᠰᠣᠩᠭᠤᠵᠤ ᠮᠡᠳᠡᠭᠡ ᠵᠠᠩᠭᠢ ᠪᠠᠨ ᠲᠠᠭᠯᠠᠨ ᠮᠡᠳᠡᠭᠦᠯᠬᠦ ᠳᠤ᠂ ᠪᠥᠬᠦ ᠬᠡᠷ ᠤᠨ | ᠬᠥᠮᠦᠰ ᠤᠨ ᠣᠷᠣᠰᠢᠨ ᠰᠠᠭᠤᠬᠤ ᠦᠨᠡᠮᠯᠡᠯ ︵ᠪᠤᠶᠤ ᠣᠷᠣᠰᠢᠨ ᠰᠠᠭᠤᠭᠰᠠᠨ ᠭᠡᠷᠡᠴᠢ︶ ᠢ ᠳᠡᠭᠡᠭᠰᠢ ᠳᠠᠮᠵᠢᠭᠤᠯᠬᠤ | ᠴᠢᠬᠤᠯᠠᠲᠠᠶ ᠤᠤ︖ | ᠬᠠᠷᠢᠭᠤᠯᠲᠠ᠄ ᠬᠠᠷᠠᠭᠠᠯᠵᠠᠨ ᠬᠠᠮᠠᠭᠠᠯᠠᠭᠴᠢ ᠶᠢᠨ ᠨᠢᠭᠡ ᠳᠤ ᠣᠷᠣᠰᠢᠨ ᠰᠠᠭᠤᠬᠤ ᠦᠨᠡᠮᠯᠡᠯ ︵ᠪᠤᠶᠤ ᠣᠷᠣᠰᠢᠨ | ᠰᠠᠭᠤᠭᠰᠠᠨ ᠭᠡᠷᠡᠴᠢ︶ ᠨᠢ ᠳᠠᠷᠤᠢ ᠪᠣᠯᠣᠨ᠎ᠠ᠃ | 15᠂ ᠣᠷᠣᠰᠢᠨ ᠰᠠᠭᠤᠬᠤ ᠦᠨᠡᠮᠯᠡᠯ ︵ᠪᠤᠶᠤ ᠣᠷᠣᠰᠢᠨ ᠰᠠᠭᠤᠭᠰᠠᠨ ᠭᠡᠷᠡᠴᠢ︶ ᠬᠡᠵᠢᠶ᠎ᠡ ᠬᠦᠴᠦᠨ ᠲᠠᠢ ︖ | ᠬᠠᠷᠢᠭᠤᠯᠲᠠ᠄ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠠᠴᠠ ᠡᠮᠦᠨ᠎ᠡ ᠭᠦᠢᠴᠡᠳᠬᠡᠭᠰᠡᠨ ᠣᠷᠣᠰᠢᠨ ᠰᠠᠭᠤᠬᠤ | ᠦᠨᠡᠮᠯᠡᠯ ︵ᠪᠤᠶᠤ ᠣᠷᠣᠰᠢᠨ ᠰᠠᠭᠤᠭᠰᠠᠨ ᠭᠡᠷᠡᠴᠢ︶ ᠬᠦᠴᠦᠨ ᠲᠠᠢ᠃ | 16᠂ ᠭᠡᠷ ᠦᠭᠡᠢ ᠭᠡᠷᠡᠴᠢ ᠶᠢ ᠬᠡᠷᠬᠢᠨ ᠳᠡᠭᠡᠭᠰᠢ ᠳᠠᠮᠵᠢᠭᠤᠯᠬᠤ ᠪᠤᠢ︖ | ᠬᠠᠷᠢᠭᠤᠯᠲᠠ᠄ ᠵᠢᠨᠢᠩ ᠤᠨ ᠡᠷᠦᠬᠡ ᠠᠮᠠ ᠶᠢᠨ ᠬᠠᠷᠢᠶ᠎ᠠ ᠶᠢᠨ ᠬᠢᠨᠠᠨ ᠬᠠᠮᠠᠭᠠᠯᠠᠭᠴᠢ ᠵᠢᠴᠢ ᠦᠷ᠎ᠡ ᠬᠡᠦᠬᠡᠳ ᠨᠢ | ᠥᠪᠡᠷ ᠤᠨ ᠣᠷᠣᠨ ᠰᠠᠭᠤᠴᠠ ᠪᠠᠶᠢᠬᠤ ᠦᠭᠡᠢ᠂ ᠬᠤᠲᠠ ᠶᠢᠨ ᠥᠯᠥ ᠬᠥᠳᠡᠯᠬᠦ ᠬᠥᠷᠥᠩᠭᠡ ᠶᠢ ᠳᠡᠩᠰᠡᠯᠡᠨ | ᠲᠡᠮᠳᠡᠭᠯᠡᠬᠦ ᠲᠥᠪ ᠲᠤ ᠬᠦᠷᠴᠦ ᠬᠢᠨᠠᠨ ᠬᠠᠮᠠᠭᠠᠯᠠᠭᠴᠢ ᠪᠠ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠭᠡᠷ | ᠪᠠᠶᠢᠰᠢᠩ ᠤᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠬᠤ ᠶᠢᠨ ᠬᠠᠮᠲᠤ ᠳᠠᠷᠤᠮᠠᠯᠯᠠᠨ᠎ᠠ᠃ | 17᠂ ᠭᠡᠷ ᠪᠠᠶᠢᠰᠢᠩ ᠤᠨ ᠭᠡᠷᠡᠴᠢ ᠦᠭᠡᠢ ᠪᠣᠯ ᠬᠡᠵᠢᠶ᠎ᠡ ᠪᠠᠷᠢᠮᠲᠠ ᠬᠢᠬᠦ ᠪᠣᠢ︖ | ᠬᠠᠷᠢᠭᠤᠯᠲᠠ᠄ 2024 ᠣᠨ ᠤ 5 ᠰᠠᠷ᠎ᠠ ᠶᠢᠨ 1 ᠤ ᠡᠳᠦᠷ ᠠᠴᠠ 6 ᠰᠠᠷ᠎ᠠ ᠶᠢᠨ 30 ᠤ ᠡᠳᠦᠷ ᠤᠨ | ᠬᠤᠭᠤᠴᠠᠭ᠎ᠠ ᠪᠣᠯᠲᠠᠯ᠎ᠠ᠃ | 18᠂ ᠬᠢᠨᠠᠨ ᠬᠠᠮᠠᠭᠠᠯᠠᠭᠴᠢ ᠨᠢ ᠭᠡᠷ ᠤᠨ ᠡᠷᠦᠬᠡ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠬᠦ ᠦᠶ᠎ᠡ ᠳᠤ᠂ | ᠰᠦᠯᠵᠢᠶᠡᠨ ᠳᠡᠭᠡᠷ᠎ᠡ ᠮᠡᠳᠡᠭᠦᠯᠬᠦ ᠵᠢᠷᠤᠮ ᠢ ᠲᠤᠰ ᠲᠣᠭᠤᠷᠢᠭ ᠤᠨ ᠨᠡᠷᠡᠶᠢᠳᠦᠯ ᠳᠤ ᠣᠷᠣᠭᠤᠯᠤᠭᠰᠠᠨ ᠦᠭᠡᠢ ᠪᠣᠯ | ᠶᠠᠭᠠᠬᠢᠵᠦ ᠬᠢᠵᠦ ᠪᠣᠯᠬᠤ ᠪᠤᠢ︖ | ᠬᠠᠷᠢᠭᠤᠯᠲᠠ᠄ ᠬᠡᠷ ᠤᠨ ᠠᠬᠠᠮᠠᠳ ᠠᠴᠠ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠠᠵᠢᠯᠲᠠᠨ ᠲᠠᠢ | ᠬᠠᠷᠢᠯᠴᠠᠵᠤ ᠠᠯᠢ ᠲᠦᠷᠭᠡᠨ ᠢᠶᠠᠷ ᠬᠢᠨᠠᠨ ᠬᠠᠷᠭᠤᠭᠤᠯᠤᠨ᠎ᠠ᠂ 1 - 2 ᠠᠵᠢᠯᠯᠠᠬᠤ ᠡᠳᠦᠷ ᠤᠨ ᠳᠣᠲᠣᠷ᠎ᠠ | ᠨᠥᠬᠦᠪᠥᠷᠢᠯᠡᠨ ᠲᠡᠭᠦᠯᠳᠡᠷᠵᠢᠭᠦᠯᠦᠨ᠎ᠡ᠃ ᠬᠡᠷᠪᠡ ᠴᠠᠭ ᠲᠤᠬᠠᠶ ᠳᠤᠨᠢ ᠰᠢᠨᠡᠳᠬᠡᠭᠰᠡᠨ ᠥᠬᠡᠶ ᠪᠣᠯ ᠬᠡᠷ ᠤᠨ ᠠᠬᠠᠮᠠᠳ | ᠣᠶᠢᠷ᠎ᠠ ᠶᠢᠨ ᠰᠠᠭᠤᠭᠠᠯᠢ ᠲᠣᠭᠤᠷᠢᠭ ᠢ ᠰᠣᠩᠭᠤᠵᠤ ᠲᠠᠭᠯᠠᠨ ᠮᠡᠳᠡᠭᠦᠯᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ | ᠬᠡᠷ ᠡᠷᠦᠬᠡ ᠶᠢᠨ ᠮᠡᠳᠡᠭᠡ ᠵᠠᠩᠭᠢ ᠶᠢ ᠬᠢᠨᠠᠨ ᠰᠢᠯᠭᠠᠬᠤ ᠦᠶ᠎ᠡ ᠳᠤ ᠤᠯᠠᠮ ᠨᠢᠭᠡ ᠠᠯᠬᠤᠮ ᠨᠤᠲᠠᠯᠠᠵᠤ ᠪᠣᠯᠤᠨ᠎ᠠ᠂ | ᠬᠡᠷ ᠤᠨ ᠠᠬᠠᠮᠠᠳ ᠰᠠᠨᠠᠭ᠎ᠠ ᠠᠮᠤᠷ ᠪᠠᠶᠢᠭᠠᠷᠠᠢ᠃ | 19᠂ ᠰᠠᠭᠤᠭᠠᠯᠢ ᠠᠷᠠᠳ ᠤᠨ ᠲᠣᠭᠤᠷᠢᠭ ᠤᠨ ᠨᠢᠭᠡ ᠬᠠᠶ᠋ᠢᠭ ᠲᠤ ᠬᠤᠶᠠᠷ ᠬᠥᠮᠦᠨ ᠪᠠᠶᠢᠵᠤ᠂ ᠰᠠᠭᠤᠭᠠᠯᠢ | ᠠᠷᠠᠳ ᠤᠨ ᠲᠣᠭᠤᠷᠢᠭ ᠤᠨ ᠨᠡᠷᠡᠶᠢᠳᠦᠯ ᠢ ᠬᠡᠷᠬᠢᠨ ᠳᠠᠩᠰᠠᠯᠠᠬᠤ ᠪᠣᠶ︖ | ᠬᠠᠷᠢᠭᠤᠯᠲᠠ᠄ ᠭᠡᠷ ᠤᠨ ᠠᠬᠠᠮᠠᠳ ᠠᠴᠠ ᠰᠢᠰᠲ᠋ᠧᠮ ᠳᠡᠭᠡᠷᠡᠬᠢ ᠬᠠᠩᠭᠠᠭᠰᠠᠨ ᠭᠡᠷ ᠤᠨ ᠪᠠᠭᠤᠷᠢ ᠶᠢ ᠦᠨᠳᠦᠰᠦᠯᠡᠨ | ᠨᠤᠲᠠᠯᠠᠭᠠᠷᠠᠢ᠃ ᠲᠤᠰ ᠮᠡᠳᠡᠭᠡ ᠵᠠᠩᠭᠢ ᠶᠢ ᠬᠢᠨᠠᠬᠤ ᠦᠶᠡᠰ ᠤᠯᠠᠮ ᠨᠢᠭᠡ ᠠᠯᠬᠤᠮ ᠨᠤᠲᠠᠯᠠᠵᠤ᠂ ᠭᠡᠷ ᠤᠨ | ᠠᠬᠠᠮᠠᠳ ᠰᠡᠳᠬᠢᠯ ᠠᠮᠤᠷ ᠪᠠᠶᠢᠭᠠᠷᠠᠢ᠃ | 20. ᠠᠯᠢ ᠠᠯᠢ ᠨᠢ ︽ᠬᠠᠷᠠᠭᠠᠯᠵᠠᠯ ᠦᠵᠡᠭᠦᠯᠬᠦ︾ ᠡᠲᠡᠭᠡᠳ ᠲᠤ ᠲᠣᠭᠠᠴᠠᠭᠳᠠᠬᠤ ᠪᠤᠢ︖ | ᠬᠠᠷᠢᠭᠤᠯᠲᠠ᠄ 1. ᠠᠯᠪᠠ ᠬᠠᠭᠠᠵᠤ ᠪᠠᠶᠢᠭ᠎ᠠ ᠴᠡᠷᠢᠭ ᠤᠨ ᠦᠷ᠎ᠡ ᠬᠡᠦᠬᠡᠳ᠂ ᠦᠷᠡᠭᠳᠡᠭᠰᠡᠨ ᠪᠠᠭᠠᠲᠤᠷᠴᠤᠳ ᠤᠨ | ᠦᠷ᠎ᠡ ᠬᠡᠦᠬᠡᠳ ᠵᠢᠴᠢ ᠪᠤᠰᠤᠳ ᠲᠥᠷᠥᠯ ᠤᠨ ᠨᠥᠬᠦᠴᠡᠯ ᠳᠤ ᠨᠡᠶᠢᠴᠡᠬᠦ ᠴᠡᠷᠢᠭ ᠤᠨ ᠦᠷ᠎ᠡ ᠬᠡᠦᠬᠡᠳ ᠪᠠ ᠭᠠᠯ | ᠤᠨᠲᠠᠷᠠᠭᠠᠵᠤ ᠠᠪᠤᠷᠠᠨ ᠲᠤᠰᠠᠯᠠᠬᠤ ᠬᠥᠮᠥᠰ ᠤᠨ ᠦᠷ᠎ᠡ ᠬᠡᠦᠬᠡᠳ ᠃ ᠳᠣᠲᠣᠭᠠᠳᠤ ᠶᠢ ᠬᠠᠮᠠᠭᠠᠯᠠᠬᠤ ᠦᠷᠡᠭᠳᠡᠭᠰᠡᠨ | ᠪᠠᠭᠠᠲᠤᠷ ᠪᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠰᠢᠷᠬᠠᠲᠤᠭᠰᠠᠨ ᠠᠷᠠᠳ ᠤᠨ ᠴᠠᠭᠳᠠᠭ᠎ᠠ ᠶᠢᠨ ᠦᠷ᠎ᠡ | ᠬᠡᠦᠬᠡᠳ ︵ᠬᠠᠩᠭᠠᠭᠰᠠᠨ ᠨᠢᠭᠡᠴᠢ ᠶᠢᠨ ᠪᠢᠴᠢᠭ ᠮᠠᠲ᠋ᠧᠷᠢᠶᠠᠯ ᠪᠤᠶᠤ ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ︶᠃ | 2. ᠵᠢᠨᠢᠩ ᠲᠣᠭᠤᠷᠢᠭ ᠤᠨ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠳᠤ ᠲᠤᠪᠤᠶᠢᠮ᠎ᠠ ᠬᠤᠪᠢ ᠨᠡᠮᠡᠷᠢ | ᠦᠵᠡᠭᠦᠯᠦᠭᠰᠡᠨ ᠬᠥᠮᠦᠰ ᠤᠨ ᠦᠷ᠎ᠡ ᠬᠡᠤᠬᠡᠳ ︵ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠨᠤᠲᠠᠯᠠᠭᠰᠠᠨ ᠮᠠᠲ᠋ᠧᠷᠢᠶᠠᠯ ᠢ ᠬᠠᠩᠭᠠᠬᠤ︶︔ | 3. ᠮᠠᠭᠠᠳᠯᠠᠨ ᠲᠣᠭᠲᠠᠭᠠᠭᠰᠠᠨ ABC ᠲᠥᠷᠥᠯ ᠤᠨ ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠤᠬᠡᠳ ︵ | ᠴᠢᠳᠠᠪᠤᠷᠢᠲᠠᠨ ᠢ ᠲᠥᠷᠥᠯ ᠬᠤᠪᠢᠶᠠᠨ ᠦᠨᠡᠯᠡᠵᠦ ᠮᠠᠭᠠᠳᠯᠠᠨ ᠲᠣᠭᠲᠠᠭᠠᠭᠰᠠᠨ ᠦᠨᠡᠮᠯᠡᠯ ᠪᠤᠶᠤ ︽ᠴᠢᠳᠠᠪᠤᠷᠢᠲᠠᠨ ᠤ | ᠨᠣᠭᠤᠭᠠᠨ ᠺᠠᠷᠲ︾ ᠵᠡᠷᠭᠡ ᠮᠠᠲ᠋ᠧᠷᠢᠶᠠᠯ ᠢ ᠬᠠᠩᠭᠠᠨ᠎ᠠ︶︔ | 4. ᠥᠪᠡᠷᠲᠡᠭᠡᠨ ᠵᠠᠰᠠᠬᠤ ᠣᠷᠣᠨ ᠤ ᠲᠠᠰ ᠤᠨ ᠶᠣᠰᠣ ᠮᠣᠷᠠᠯ ᠤᠨ ᠵᠢᠱᠢᠶᠡᠴᠢ᠂ ᠬᠥᠳᠡᠯᠮᠦᠷᠢ ᠶᠢᠨ ᠵᠢᠱᠢᠶᠡᠴᠢ ᠵᠡᠷᠭᠡ | ᠢᠷᠠᠭᠤ ᠠᠯᠳᠠᠷ ᠤᠨ ᠴᠣᠯᠠ ᠶᠢ ᠭᠥᠷᠳᠡᠭᠰᠡᠨ ᠬᠥᠮᠦᠰ ᠤᠨ ᠦᠷ᠎ᠡ ᠬᠡᠤᠬᠡᠳ ︵ᠬᠠᠮᠢᠶ᠎ᠠ ᠪᠥᠬᠦᠶ ᠨᠢᠭᠡᠴᠡ ᠶᠢᠨ | ᠭᠡᠷᠡᠴᠢᠯᠡᠬᠦ ᠮᠠᠲ᠋ᠧᠷᠢᠶᠠᠯ ᠪᠠ ᠢᠷᠠᠭᠤ ᠠᠯᠳᠠᠷ ᠤᠨ ᠦᠨᠡᠮᠯᠡᠯ ᠬᠠᠩᠭᠠᠨ᠎ᠠ︶᠃ | 21᠂ ᠦᠷ᠎ᠡ ᠬᠡᠦᠬᠡᠳ ᠤᠨ ᠡᠷᠦᠬᠡ ᠠᠮᠠ ᠶᠢᠨ ᠳᠠᠩᠰᠠ ᠨᠢ ᠡᠴᠢᠭᠡ ᠡᠬᠡ ︵ᠪᠤᠶᠤ ᠡᠵᠢ︶ ᠲᠠᠢ ᠬᠠᠮᠲᠤ ᠪᠠᠶᠢᠯ᠎ᠠ᠂ | ᠭᠡᠷ ᠬᠥᠷᠥᠩᠭᠡ ᠨᠢ ᠡᠬᠡ ︵ᠪᠤᠶᠤ ᠠᠪᠤ︶ ᠪᠣᠯ ᠡᠴᠢᠭᠡ ᠡᠬᠡ ᠶᠢᠨ ᠡᠷᠦᠬᠡ ᠠᠮᠠ ᠶᠢᠨ ᠳᠠᠩᠰᠠ ᠨᠢ ᠨᠡᠶᠢᠯᠡᠬᠦ ᠦᠭᠡᠢ | ᠭᠡᠷ ᠡᠷᠦᠬᠡ ᠶᠢᠨ ᠰᠤᠷᠠᠭ ᠵᠠᠩᠭᠢ ᠶᠢ ᠬᠡᠷᠬᠢᠨ ᠲᠠᠭᠯᠠᠬᠤ ᠪᠤᠢ︖ | ᠬᠠᠷᠢᠭᠤᠯᠲᠠ᠄ ᠦᠷ᠎ᠡ ᠬᠡᠦᠬᠡᠳ ᠨᠢ ᠡᠷᠦᠬᠡ ᠠᠮᠠ ᠶᠢᠨ ᠲᠦᠷᠦᠭᠦᠦ ᠶᠢᠨ ᠨᠢᠭᠤᠷ ᠤᠨ ᠬᠠᠶ᠋ᠢᠭ ᠢᠶᠠᠷ ᠡᠷᠦᠬᠡ | ᠠᠮᠠ ᠶᠢᠨ ᠮᠡᠳᠡᠭᠡ ᠵᠠᠩᠭᠢ ᠶᠢ ᠲᠠᠭᠯᠠᠨ ᠮᠡᠳᠡᠭᠦᠯᠦᠨ᠎ᠡ᠃ ᠠᠰᠠᠷᠠᠨ ᠬᠠᠮᠠᠭᠠᠯᠠᠭᠴᠢ ᠶᠢᠨ ᠨᠡᠷᠡᠰ ᠤᠨ ᠳᠣᠤᠷ᠎ᠠ ᠭᠡᠷ ᠲᠠᠢ | ᠪᠠᠶᠢᠬᠤ ᠪᠣᠯᠪᠠᠴᠤ ᠬᠡᠦᠬᠡᠳ ᠯᠦᠭᠡ ᠨᠢᠭᠡ ᠡᠷᠦᠬᠡ ᠠᠮᠠ ᠶᠢᠨ ᠳᠠᠩᠰᠠᠨ ᠳᠤ ᠪᠠᠶᠢᠬᠤ ᠦᠭᠡᠶ ᠪᠥᠭᠡᠳ ᠡᠴᠢᠭᠡ | ᠡᠬᠡ ᠶᠢᠨ ᠤᠷᠤᠭ ᠤᠨ ᠪᠠᠲᠤᠯᠠᠪᠤᠷᠢ ︵ᠪᠤᠶᠤ ᠬᠡᠦᠬᠡᠳ ᠤᠨ ᠲᠦᠷᠦᠭᠦ ᠦᠨᠡᠮᠯᠡᠯ︶ ᠶᠢ ᠳᠡᠭᠡᠭᠰᠢ ᠳᠠᠮᠵᠢᠭᠤᠯᠬᠤ | ᠴᠢᠬᠤᠯᠠ ᠲᠠᠢ ᠪᠣᠯ ᠦᠷ᠎ᠡ ᠬᠡᠦᠬᠡᠳ ᠢᠶᠠᠨ ᠠᠰᠠᠷᠠᠨ ᠬᠠᠮᠠᠭᠠᠯᠠᠭᠴᠢ ᠶᠢᠨ ᠭᠡᠷ ᠬᠥᠷᠥᠩᠭᠡ ᠶᠢᠨ ᠬᠠᠶᠢᠭ ᠶᠣᠰᠣᠭᠠᠷ | ᠰᠤᠷᠭᠠᠭᠤᠯᠢ ᠳᠤ ᠣᠷᠣᠭᠤᠯᠵᠤ ᠪᠣᠯᠤᠨ᠎ᠠ᠃ | 22. ᠰᠤᠷᠬᠤ ᠨᠠᠰᠤᠨ ᠤ ᠬᠡᠦᠬᠡᠳ ᠲᠥᠷᠥᠭᠰᠡᠨ ᠤ ᠳᠠᠷᠠᠭ᠎ᠠ ᠡᠴᠢᠭᠡ ᠡᠬᠡ ︵ᠪᠤᠶᠤ ᠡᠬᠡ︶ ᠪᠠᠨ ᠳᠠᠭᠠᠵᠤ | ᠬᠠᠮᠲᠤ ᠪᠠᠷ ᠡᠪᠦᠭᠡ ᠡᠮᠡᠭᠡ ︵ᠪᠤᠶᠤ ᠨᠠᠭᠠᠴᠤ ᠡᠪᠦᠭᠡ ᠡᠮᠡᠭᠡ︶ ᠶᠢᠨ ᠡᠷᠦᠬᠡ ᠠᠮᠠ ᠶᠢᠨ ᠲᠠᠩᠰᠠ ᠶᠢᠨ ᠲᠠᠯ᠎ᠠ ᠪᠠᠷ᠂ | ᠡᠷᠦᠬᠡ ᠠᠮᠠ ᠨᠢ ᠨᠡᠭᠦᠭᠰᠡᠨ ᠦᠭᠡᠢ᠂ ᠬᠤᠪᠢᠷᠠᠯᠲᠠ ᠶᠢᠨ ᠲᠡᠮᠳᠡᠭᠯᠡᠯ ᠬᠢᠭᠰᠡᠨ ᠦᠭᠡᠢ᠂ ᠬᠠᠤᠯᠢ ᠪᠠᠷ ᠲᠣᠭᠲᠠᠭᠠᠭᠰᠠᠨ | ᠬᠢᠨᠠᠨ ᠬᠠᠮᠠᠭᠠᠯᠠᠭᠴᠢ ︵ᠡᠴᠢᠭᠡ ᠡᠬᠡ︶ ᠳᠤ ᠭᠡᠷ ᠪᠠᠶᠢᠰᠢᠩ ᠪᠠᠶᠢᠬᠤ ᠦᠭᠡᠢ᠂ ᠡᠪᠦᠭᠡ ᠡᠮᠡᠭᠡ ︵ᠪᠤᠶᠤ ᠨᠠᠭᠠᠴᠤ | ᠡᠪᠦᠭᠡ ᠡᠮᠡᠭᠡ︶ ᠶᠢᠨ ᠭᠡᠷ ᠪᠦᠯᠢ ᠶᠢᠨ ᠪᠦᠷᠢᠳᠬᠡᠯ ᠤᠨ ᠮᠡᠳᠡᠭᠡ ᠵᠠᠩᠭᠢ ᠶᠢ ᠦᠨᠳᠦᠰᠦᠯᠡᠬᠦ ᠤᠤ︖ | ᠬᠠᠷᠢᠭᠤᠯᠲᠠ᠄ ᠪᠣᠯᠣᠨ᠎ᠠ᠃ ᠡᠭᠦᠨ ᠤ ᠬᠠᠮᠲᠤ ᠳᠠᠩᠰᠠᠯᠠᠬᠤ ᠦᠨᠳᠦᠰᠦ ᠪᠠᠷᠢᠮᠲᠠ᠂ ᠵᠢᠱᠢᠶᠡᠯᠡᠪᠡᠯ᠄ ᠡᠷᠦᠬᠡ ᠠᠮᠠ ᠶᠢᠨ | ᠲᠦᠷᠦᠭᠦᠦ ᠶᠢᠨ ᠬᠠᠭᠤᠳᠠᠰᠤ︔ ᠡᠷᠦᠬᠡ ᠶᠢᠨ ᠡᠵᠡᠨ᠂ ᠰᠢᠭᠤᠳ ᠬᠢᠨᠠᠨ ᠬᠠᠮᠠᠭᠠᠯᠠᠭᠴᠢ ᠪᠠ ᠬᠡᠤᠬᠡᠳ ᠤᠨ ᠡᠷᠦᠬᠡ | ᠠᠮᠠ ᠶᠢᠨ ᠬᠠᠭᠤᠳᠠᠰᠤ︔ ᠬᠢᠨᠠᠨ ᠬᠠᠮᠠᠭᠠᠯᠠᠭᠴᠢ ︵ᠡᠴᠢᠭᠡ ᠡᠬᠡ︶ ᠨᠢ ᠥᠯᠥ ᠬᠥᠳᠡᠯᠬᠦ ᠬᠥᠷᠥᠩᠭᠡ ᠶᠢᠨ | ᠳᠠᠩᠰᠠᠯᠠᠬᠤ ᠲᠥᠪ ᠲᠤ ᠬᠡᠷ ᠪᠠᠶᠢᠰᠢᠩ ᠥᠬᠡᠶ ᠪᠠᠶᠢᠳᠠᠯ ᠢ ᠪᠠᠶᠢᠴᠠᠭᠠᠨ ᠯᠠᠪᠯᠠᠬᠤ ᠵᠡᠷᠭᠡ ᠪᠣᠯᠤᠨ᠎ᠠ᠃ | 23. ᠦᠷ᠎ᠡ ᠬᠡᠦᠬᠡᠳ ᠨᠢ ᠡᠪᠦᠭᠡ ᠡᠮᠡᠭᠡ ᠪᠠᠨ ᠳᠠᠭᠠᠨ᠎ᠠ ︵ᠨᠠᠭᠠᠴᠤ ᠡᠪᠦᠭᠡ ᠡᠮᠡᠭᠡ︶᠂ ᠭᠡᠪᠡᠴᠦ ᠬᠠᠷᠠᠭᠠᠯᠵᠠᠨ | ᠬᠠᠮᠠᠭᠠᠯᠠᠭᠴᠢ ︵ᠡᠴᠢᠭᠡ ᠡᠬᠡ︶ ᠨᠢ ᠭᠡᠷ ᠲᠠᠢ ᠪᠣᠯ ᠶᠠᠮᠠᠷ ᠰᠤᠷᠭᠠᠭᠤᠯᠢ ᠳᠤ ᠣᠷᠣᠬᠤ ᠦᠨᠳᠦᠰᠦᠯᠡᠯ ᠪᠣᠯᠬᠤ ᠪᠣᠢ︖ | | ᠬᠠᠷᠢᠭᠤᠯᠲᠠ᠄ ᠬᠠᠷᠠᠭᠠᠯᠵᠠᠨ ᠬᠠᠮᠠᠭᠠᠯᠠᠭᠴᠢ ︵ᠡᠴᠢᠭᠡ ᠡᠬᠡ︶ ᠶᠢᠨ ᠭᠡᠷ ᠬᠥᠷᠥᠩᠭᠡ ᠶᠢᠨ ᠬᠠᠶ᠋ᠢᠭ ᠶᠣᠰᠣᠭᠠᠷ | ᠰᠤᠷᠭᠠᠭᠤᠯᠢ ᠳᠤ ᠣᠷᠣᠨ᠎ᠠ᠃ | 24. ᠬᠡᠷ ᠤᠨ ᠠᠬᠠᠮᠠᠳ ᠬᠡᠰᠡᠭ ᠣᠷᠣᠨ ᠤ ᠳᠣᠲᠣᠷ᠎ᠠ ᠬᠡᠷ ᠪᠠᠶᠢᠰᠢᠩ ᠲᠦᠷᠢᠶᠡᠰᠦᠯᠡᠨ᠎ᠡ᠂ ᠬᠡᠤᠬᠡᠳ ᠨᠢ ᠬᠡᠰᠡᠭ | ᠣᠷᠣᠨ ᠤ ᠰᠤᠷᠭᠠᠭᠤᠯᠢ ᠳᠤ ᠬᠤᠪᠢᠶᠠᠷᠢᠯᠠᠵᠤ ᠪᠣᠯᠤᠨ᠎ᠠ ᠤᠤ ᠥᠬᠡᠶ ᠤᠤ︖ | ᠬᠠᠷᠢᠭᠤᠯᠲᠠ᠄ ᠵᠢᠨᠢᠩ ᠲᠣᠭᠤᠷᠢᠭ ᠤᠨ ᠡᠷᠦᠬᠡ ᠠᠮᠠ ᠶᠢᠨ ᠬᠠᠷᠢᠶ᠎ᠠ ᠲᠠᠢ ᠰᠤᠷᠤᠭᠴᠢᠳ ᠨᠢ ᠭᠡᠷ ᠡᠷᠦᠬᠡ ᠶᠢᠨ ᠮᠡᠳᠡᠭᠡ | ᠵᠠᠩᠭᠢ ᠶᠢ ᠦᠨᠳᠦᠰᠦᠯᠡᠨ ᠰᠤᠷᠤᠯᠭ᠎ᠠ ᠶᠢᠨ ᠲᠣᠭᠤᠷᠢᠭ ᠢ ᠬᠤᠪᠢᠶᠠᠷᠢᠯᠠᠨ᠎ᠠ᠃ ᠬᠡᠰᠡᠭ ᠲᠣᠭᠤᠷᠢᠭ ᠤᠨ | ᠰᠤᠷᠭᠠᠭᠤᠯᠢ ᠨᠢᠲ᠋ᠥ᠋ᠷᠪᠡᠨ ᠵᠦᠢᠯ ᠤᠨ ᠪᠠᠶᠢᠳᠠᠯ ᠢᠶᠠᠷ ᠲᠠᠰ ᠳᠠᠷᠠᠭᠠᠯᠠᠨ ᠰᠣᠷᠣᠭᠴᠢ ᠡᠯᠰᠡᠵᠦ᠂ ︽ᠡᠷᠦᠬᠡ | ᠪᠣᠯᠭᠠᠨ ᠳᠤ ᠭᠡᠷ ᠦᠭᠡᠢ ᠪᠠᠶᠢᠬᠤ︾ ᠪᠠᠶᠢᠳᠠᠯ ᠳᠤ ᠬᠤᠭᠤᠰᠣᠨ ᠡᠷᠳᠡᠮ ᠤᠨ ᠴᠣᠯᠠ ᠣᠯᠭᠤᠵᠤ᠂ ᠣᠶᠢᠷ᠎ᠠ | ᠬᠠᠪᠢ ᠳᠠᠭᠠᠨ ᠡᠯᠰᠡᠵᠦ᠂ ᠬᠡᠷᠪᠡ ᠡᠷᠳᠡᠮ ᠤᠨ ᠴᠣᠯᠠ ᠨᠢᠭᠡᠨᠲᠡ ᠳᠦᠭᠦᠷᠪᠡᠯ᠂ ᠺᠣᠮᠫᠢᠦ᠋ᠲ᠋ᠧᠷ ᠤᠨ ᠪᠠᠶᠢᠷᠢ ᠲᠣᠮᠢᠯᠠᠬᠤ | ᠠᠷᠭ᠎ᠠ ᠮᠠᠶ᠋ᠢᠭ ᠢᠶᠠᠷ ᠰᠢᠨ᠎ᠡ ᠰᠤᠷᠤᠭᠴᠢᠳ ᠢ ᠣᠶᠢᠷ᠎ᠠ ᠬᠠᠪᠢ ᠶᠢᠨ ᠬᠡᠰᠡᠭ ᠪᠤᠰᠠᠭ ᠰᠤᠷᠭᠠᠭᠤᠯᠢ ᠳᠤ ᠨᠢᠭᠡᠳᠦᠯᠲᠡᠶ | ᠲᠥᠯᠥᠪᠯᠡᠨ ᠲᠥᠪᠬᠢᠨᠡᠭᠦᠯᠵᠦ ᠰᠤᠷᠤᠯᠴᠠᠭᠤᠯᠤᠨ᠎ᠠ᠃ | 25᠂ ᠬᠤᠲᠠ ᠣᠷᠣᠵᠤ ᠬᠦᠴᠦ ᠶᠠᠪᠤᠭᠰᠠᠳ ᠢ ᠳᠠᠭᠠᠵᠤ ᠨᠡᠭᠦᠭᠰᠡᠨ ᠦᠷ᠎ᠡ ᠬᠡᠦᠬᠡᠳ ᠢ ᠬᠡᠷᠬᠢᠨ ᠰᠤᠷᠬᠤ ᠪᠤᠢ︖ | ᠬᠠᠷᠢᠭᠤᠯᠲᠠ᠄ ᠵᠢᠨᠢᠩ ᠲᠣᠭᠤᠷᠢᠭ ᠨᠢ ︽ᠬᠤᠶᠠᠷ ᠢᠶᠠᠷ ᠭᠤᠤᠯ ᠪᠣᠯᠭᠠᠵᠤ᠂ ᠬᠤᠶᠠᠷ ᠢ ᠣᠷᠣᠭᠤᠯᠬᠤ︾ ᠵᠠᠷᠴᠢᠮ ᠢ | ᠪᠠᠷᠢᠮᠲᠠᠯᠠᠨ᠂ ᠬᠥᠯᠥᠰᠥᠨ ᠠᠵᠢᠯ ᠬᠢᠵᠦ ᠪᠠᠶᠢᠭ᠎ᠠ ᠭᠡᠷᠡᠴᠢ᠂ ᠣᠷᠣᠰᠢᠨ ᠰᠠᠭᠤᠬᠤ ᠦᠨᠡᠮᠯᠡᠯ ︵ᠪᠤᠶᠤ ᠣᠷᠣᠨ | ᠰᠠᠭᠤᠴᠠ ᠶᠢᠨ ᠭᠡᠷᠡᠴᠢ︶ ᠢᠶᠠᠷ ᠭᠤᠤᠯ ᠦᠨᠳᠦᠰᠦᠯᠡᠯ ᠪᠣᠯᠭᠠᠭᠰᠠᠨ ᠳᠠᠭᠠᠵᠤ ᠨᠡᠭᠦᠭᠰᠡᠨ ᠦᠷ᠎ᠡ ᠬᠡᠤᠬᠡᠳ ᠤᠨ | ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠨᠢᠭᠡᠳᠦᠯᠲᠡᠶ ᠲᠥᠯᠥᠪᠯᠡᠬᠦ ᠪᠤᠶᠤ | ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ ᠵᠡᠷᠭᠡ ᠬᠡᠯᠪᠡᠷᠢ ᠪᠠᠷ ᠳᠠᠭᠠᠵᠤ ᠨᠡᠭᠦᠭᠰᠡᠨ ᠦᠷ᠎ᠡ ᠬᠡᠤᠬᠡᠳ ᠤᠨ | ᠰᠤᠷᠭᠠᠭᠤᠯᠢ ᠳᠤ ᠣᠷᠣᠬᠤ ᠶᠢ ᠲᠣᠬᠢᠷᠠᠭᠤᠯᠤᠨ᠎ᠠ᠃ ᠣᠷᠣᠨ ᠤ ᠭᠠᠳᠠᠨ᠎ᠠ ᠰᠤᠷᠤᠯᠴᠠᠵᠤ ᠪᠠᠶᠢᠭ᠎ᠠ ᠵᠢᠨᠢᠩ ᠤᠨ ᠡᠷᠦᠬᠡ | ᠠᠮᠠ ᠶᠢᠨ ᠲᠠᠩᠰᠠ ᠲᠠᠢ ᠪᠠᠭ᠎ᠠ ᠰᠤᠷᠭᠠᠭᠤᠯᠢ ᠲᠡᠭᠦᠰᠦᠭᠰᠡᠳ ᠨᠤᠲᠤᠭ ᠲᠤ ᠪᠠᠨ ᠪᠣᠴᠠᠵᠤ᠂ ᠰᠣᠷᠣᠭᠴᠢ ᠡᠯᠰᠡᠬᠦ | ᠠᠯᠪᠠᠨ ᠬᠡᠷ ᠠᠴᠠ ᠨᠢᠭᠡᠳᠦᠯᠲᠡᠶ ᠲᠥᠯᠥᠪᠯᠡᠨ ᠲᠣᠬᠢᠷᠠᠭᠤᠯᠤᠨ᠎ᠠ᠃ | 26᠂ ᠠᠷᠠᠳ ᠠᠴᠠ ᠡᠷᠬᠢᠯᠡᠭᠰᠡᠨ ᠰᠤᠷᠭᠠᠭᠤᠯᠢ ᠶᠠᠮᠠᠷ ᠠᠷᠭ᠎ᠠ ᠪᠠᠷ ᠰᠤᠷᠤᠭᠴᠢ ᠡᠯᠰᠡᠬᠦ ᠪᠤᠢ︖ | ᠬᠠᠷᠢᠭᠤᠯᠲᠠ᠄ ᠪᠥᠬᠦ ᠲᠤᠭᠤᠷᠢᠭ ᠤᠨ ᠠᠷᠠᠳ ᠠᠴᠠ ᠡᠷᠭᠢᠯᠡᠭᠰᠡᠨ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠶᠢ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠳᠤ | ᠣᠷᠣᠭᠤᠯᠤᠨ ᠨᠢᠭᠡᠳᠦᠯᠲᠡᠶ ᠬᠠᠮᠢᠶᠠᠷᠴᠤ᠂ ︽ᠠᠷᠠᠳ ᠢᠷᠭᠡᠳ ᠬᠠᠮᠲᠤ ᠪᠠᠷ ᠡᠯᠰᠡᠬᠦ︾ ᠶᠢ ᠬᠡᠷᠡᠭᠵᠢᠭᠦᠯᠦᠨ᠂ | ᠠᠷᠠᠳ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠣᠷᠣᠭᠴᠢ ᠡᠯᠰᠡᠬᠦ ᠶᠢ | ᠲᠣᠭᠲᠠᠭᠠᠯ ᠶᠣᠰᠣᠭᠠᠷ ︽ᠵᠢᠨᠢᠩ ᠲᠣᠭᠤᠷᠢᠭ ᠤᠨ ᠴᠡᠴᠡᠷᠯᠢᠭ ᠲᠤ ᠣᠷᠣᠬᠤ ᠨᠢᠭᠡ ᠶᠠᠪᠤᠳᠠᠯ︾ ᠤᠨ ᠲᠠᠪᠴᠠᠩ ᠳᠤ | ︽ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠤᠷᠭᠠᠭᠤᠯᠢ ᠳᠤ ᠣᠷᠣᠬᠤ ᠭᠤᠶᠤᠴᠢᠯᠠᠯ︾ ᠢ ᠰᠣᠩᠭᠤᠵᠤ᠂ | ᠰᠤᠷᠬᠤ ᠨᠠᠰᠤᠨ ᠤ ᠬᠡᠦᠬᠡᠳ ᠨᠢ ᠵᠥᠪᠬᠡᠨ ᠠᠯᠪᠠᠨ ᠠᠴᠠ ᠡᠷᠭᠢᠯᠡᠭᠰᠡᠨ ᠰᠤᠷᠭᠠᠭᠤᠯᠢ ᠪᠤᠶᠤ ᠠᠷᠠᠳ ᠠᠴᠠ | ᠡᠷᠭᠢᠯᠡᠭᠰᠡᠨ ᠰᠤᠷᠭᠠᠭᠤᠯᠢ ᠶᠢᠨ ᠳᠣᠲᠣᠷᠠᠬᠢ ᠨᠢᠭᠡ ᠶᠢ ᠰᠤᠷᠭᠠᠭᠤᠯᠢ ᠳᠤ ᠣᠷᠣᠭᠤᠯᠬᠤ ᠶᠢᠨ ᠬᠠᠮᠲᠤ ᠰᠣᠩᠭᠤᠵᠤ | ᠪᠣᠯᠬᠤ ᠥᠬᠡᠶ᠃ | 27. ᠰᠤᠷᠭᠠᠭᠤᠯᠢ ᠳᠤ ᠣᠷᠣᠬᠤ ᠮᠠᠲ᠋ᠧᠷᠢᠶᠠᠯ ᠢ ᠬᠡᠷᠬᠢᠨ ᠬᠢᠨᠠᠨ ᠬᠠᠷᠭᠤᠭᠤᠯᠬᠤ ᠪᠣᠶ︖ | ᠬᠠᠷᠢᠭᠤᠯᠲᠠ᠄ ᠡᠨᠡ ᠵᠢᠯ ᠰᠤᠷᠭᠠᠭᠤᠯᠢ ᠳᠤ ᠣᠷᠣᠬᠤ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠦᠷᠭᠦᠯᠵᠢᠯᠡᠨ | ᠭᠦᠨᠵᠡᠭᠡᠶᠢᠷᠡᠭᠦᠯᠵᠦ᠂ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠯᠪᠠᠨ | ᠬᠡᠷ ᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠢᠨᠠᠨ ᠬᠠᠮᠠᠭᠠᠯᠠᠭᠴᠢ ᠶᠢᠨ ᠰᠦᠯᠵᠢᠶᠡᠨ ᠳᠡᠭᠡᠷ᠎ᠡ | ᠬᠠᠩᠭᠠᠭᠰᠠᠨ ᠰᠤᠷᠭᠠᠭᠤᠯᠢ ᠳᠤ ᠣᠷᠣᠬᠤ ᠭᠡᠷᠡᠴᠢ ᠮᠠᠲ᠋ᠧᠷᠢᠶᠠᠯ ᠢ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ᠂ | ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠨ᠎ᠡ᠃ | 28. ᠰᠤᠷᠭᠠᠭᠤᠯᠢ ᠳᠤ ᠣᠷᠣᠭᠤᠯᠤᠭᠰᠠᠨ ᠦᠷ᠎ᠡ ᠳ᠋ᠦᠩ ᠢ ᠬᠡᠷᠬᠢᠨ ᠪᠠᠶᠢᠴᠠᠭᠠᠨ ᠯᠠᠪᠯᠠᠬᠤ ᠪᠣᠶ︖ | ᠬᠠᠷᠢᠭᠤᠯᠲᠠ᠄ ᠬᠡᠷ ᠤᠨ ᠠᠬᠠᠮᠠᠳ ︽ᠵᠢᠨᠢᠩ ᠤᠨ ᠰᠤᠷᠭᠠᠨ ᠬᠥᠮᠦᠵᠢᠯ ᠤᠨ ᠣᠯᠠᠨ ᠨᠡᠶᠢᠲᠡ ᠶᠢᠨ ᠨᠣᠮᠧᠷ︾ ︽ | ᠠᠮᠢᠵᠢᠷᠠᠯ ᠤᠨ ᠬᠦᠴᠦᠨ ᠲᠠᠢ ᠵᠢᠨᠢᠩ ᠤᠨ ᠣᠯᠠᠨ ᠨᠡᠶᠢᠲᠡ ᠶᠢᠨ ᠲᠠᠪᠴᠠᠩ︾ ︽ᠵᠢᠨᠢᠩ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠰᠦᠯᠵᠢᠶᠡᠨ ᠥᠷᠲᠡᠭᠡ︾ ︽ᠴᠡᠴᠡᠷᠯᠢᠭ ᠲᠤ ᠣᠷᠣᠵᠤ ᠰᠤᠷᠭᠠᠭᠤᠯᠢ ᠳᠤ | ᠣᠷᠣᠬᠤ ᠨᠢᠭᠡ ᠶᠠᠪᠤᠳᠠᠯ︾ ᠤᠨ ︽ᠬᠢᠨᠠᠨ ᠵᠥᠪᠰᠢᠶᠡᠷᠡᠭᠰᠡᠨ ᠦᠷ᠎ᠡ ᠳ᠋ᠦᠩ︾ ᠤᠨ ᠲᠠᠪᠴᠠᠩ ᠢᠶᠠᠷ ᠳᠠᠮᠵᠢᠭᠤᠯᠤᠨ | ᠡᠯᠰᠡᠭᠰᠡᠨ ᠮᠡᠳᠡᠭᠡ ᠵᠠᠩᠭᠢ ᠶᠢ ᠪᠠᠶᠢᠴᠠᠭᠠᠨ ᠦᠵᠡᠵᠦ᠂ ᠰᠤᠷᠭᠠᠭᠤᠯᠢ ᠳᠤ ᠣᠷᠣᠬᠤ ᠮᠡᠳᠡᠭᠳᠡᠯ ᠤᠨ ᠪᠢᠴᠢᠭ ︵ | ᠪᠣᠳᠠᠲᠠᠶ ᠴᠠᠭ ︽ᠵᠢᠨᠢᠩ ᠤᠨ ᠰᠤᠷᠭᠠᠨ ᠬᠥᠮᠦᠵᠢᠯ ᠤᠨ ᠨᠡᠶᠢᠲᠡ ᠶᠢᠨ ᠳ᠋ᠤᠭᠠᠷ︾ ︶ ᠢ ᠠᠰ ᠲᠤᠨᠢ ᠮᠡᠳᠡᠭᠳᠡᠨ᠎ᠡ᠃ | ᠪᠠᠶᠢᠴᠠᠭᠠᠨ ᠯᠠᠪᠯᠠᠬᠤ ᠴᠠᠭ ᠨᠢ ᠵᠢᠱᠢᠯᠲᠡ ᠪᠠᠷ 2024 ᠣᠨ ᠤ 7 ᠰᠠᠷ᠎ᠠ ᠶᠢᠨ 1 ᠤ ᠡᠳᠦᠷ ᠠᠴᠠ 8 ᠰᠠᠷ᠎ᠠ ᠶᠢᠨ | 20 ᠤ ᠡᠳᠦᠷ ᠪᠣᠯᠲᠠᠯ᠎ᠠ᠃ | 29᠂ ᠰᠢᠨ᠎ᠡ ᠰᠤᠷᠤᠭᠴᠢ ᠰᠤᠷᠭᠠᠭᠤᠯᠢ ᠳᠤ ᠤᠷᠤᠭᠰᠠᠨ ᠤ ᠳᠠᠷᠠᠭ᠎ᠠ ᠶᠠᠮᠠᠷ ᠵᠠᠷᠴᠢᠮ ᠢᠶᠠᠷ ᠠᠩᠭᠢ ᠬᠤᠪᠢᠶᠠᠬᠤ ᠪᠤᠢ︖ | ᠠᠩᠭᠢ ᠶᠢᠨ ᠪᠠᠭᠲᠠᠭᠠᠮᠵᠢ ᠨᠢ ᠶᠠᠮᠠᠷ ᠱᠠᠭᠠᠷᠳᠠᠯᠭ᠎ᠠ ᠲᠠᠢ ᠪᠤᠢ︖ | ᠬᠠᠷᠢᠭᠤᠯᠲᠠ᠄ ᠵᠢᠨᠢᠩ ᠲᠣᠭᠤᠷᠢᠭ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ | ᠶᠠᠮᠠᠷᠪᠠ ᠨᠡᠷ᠎ᠡ ᠪᠥᠬᠦᠶ ᠭᠤᠤᠯᠳᠠᠯᠭ᠎ᠠ ᠲᠠᠢ ᠠᠩᠭᠢ᠂ ᠲᠦᠷᠭᠡᠨ ᠤᠳᠠᠭᠠᠨ ᠴᠢᠨᠠᠷᠲᠠᠶ ᠠᠩᠭᠢ ᠪᠠᠶᠢᠭᠤᠯᠬᠤ ᠶᠢ ᠴᠢᠩᠭ᠎ᠠ | ᠴᠠᠭᠠᠵᠠᠯᠠᠨ᠎ᠠ᠃ ︽ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠠᠩᠭᠢ | ᠬᠤᠪᠢᠶᠠᠬᠤ ᠶᠠᠪᠤᠴᠠ᠂ ᠠᠩᠭᠢ ᠬᠤᠪᠢᠶᠠᠬᠤ ᠢᠯᠡ ᠠᠩᠭᠢ ᠶᠢᠨ ᠡᠷᠬᠢᠯᠡᠭᠴᠢ ᠵᠢᠴᠢ ᠬᠢᠴᠢᠶᠡᠯ ᠬᠠᠷᠢᠭᠤᠴᠠᠬᠤ | ᠪᠠᠭᠰᠢ ᠶᠢ ᠰᠣᠩᠭᠤᠨ ᠲᠣᠬᠢᠷᠠᠭᠤᠯᠤᠭᠰᠠᠨ ᠶᠠᠪᠤᠴᠠ ᠪᠠ ᠦᠷ᠎ᠡ ᠳ᠋ᠦᠩ ᠢ ᠢᠯᠡ ᠪᠣᠯᠭᠠᠨ᠎ᠠ᠃ ᠲᠤᠭᠤᠷᠢᠭ ᠤᠨ | ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠰᠤᠷᠭᠠᠭᠤᠯᠢ ᠰᠠᠨᠠᠭᠠᠴᠢᠯᠠᠭ᠎ᠠ ᠠᠴᠠ ᠪᠠᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠰᠣᠷᠣᠭᠴᠢ ᠶᠢᠨ ᠬᠡᠷ ᠤᠨ ᠠᠬᠠᠮᠠᠳ ᠤᠨ ᠲᠥᠯᠥᠭᠡᠯᠡᠭᠴᠢ ᠶᠢ ᠤᠷᠢᠵᠤ ᠠᠩᠭᠢ ᠬᠤᠪᠢᠶᠠᠬᠤ ᠪᠠ ᠪᠠᠭᠰᠢ ᠶᠢ ᠰᠣᠩᠭᠤᠨ | ᠳᠣᠭᠢᠷᠠᠭᠤᠯᠬᠤ ᠪᠥᠬᠦ ᠶᠠᠪᠤᠴᠠ ᠳᠤ ᠬᠠᠮᠲᠤ ᠪᠠᠷ ᠬᠢᠨᠠᠯᠲᠠ ᠲᠠᠯᠪᠢᠭᠤᠯᠪᠠ᠃ ᠨᠢᠭᠡᠳᠦᠭᠡᠷ ᠣᠨ ᠤ ᠠᠩᠬᠢ ᠶᠢᠨ 45 | ᠬᠦᠮᠦᠨ ᠤ ᠳᠣᠲᠣᠷ᠎ᠠ᠂ ᠳᠣᠯᠣᠭᠠᠨ ᠤ ᠠᠩᠬᠢ ᠶᠢᠨ ᠲᠤᠭ᠎ᠠ ᠨᠢ 50 ᠬᠦᠮᠦᠨ ᠤ ᠳᠣᠲᠣᠷ᠎ᠠ᠃ | 30᠂ ᠰᠢᠨ᠎ᠡ ᠰᠤᠷᠤᠭᠴᠢ ᠰᠤᠷᠭᠠᠭᠤᠯᠢ ᠶᠢᠨ ᠬᠠᠷᠢᠶᠠᠯᠠᠯ ᠢ ᠬᠡᠷᠬᠢᠨ ᠬᠠᠮᠢᠶᠠᠷᠬᠤ ᠪᠣᠶ︖ | ᠬᠠᠷᠢᠭᠤᠯᠲᠠ᠄ ᠲᠤᠭᠤᠷᠢᠭ ᠤᠨ ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠨᠤᠭᠤᠳ ︽ᠨᠢᠭᠡ ᠬᠥᠮᠦᠨ ᠨᠢᠭᠡ ᠬᠠᠷᠢᠶ᠎ᠠ᠂ | ᠡᠷᠦᠬᠡ ᠠᠮᠠ ᠶᠢᠨ ᠬᠠᠷᠢᠶ᠎ᠠ ᠶᠢ ᠳᠠᠭᠠᠬᠤ᠂ ᠬᠥᠮᠦᠨ ᠬᠠᠷᠢᠶ᠎ᠠ ᠶᠢ ᠨᠢᠭᠡᠳᠦᠯᠲᠡᠶ ᠶᠠᠪᠤᠭᠤᠯᠬᠤ︾ ᠲᠣᠭᠲᠠᠭᠠᠯ ᠢ | ᠴᠢᠩᠭ᠎ᠠ ᠬᠡᠷᠡᠭᠵᠢᠭᠦᠯᠵᠦ᠂ ᠰᠤᠷᠭᠠᠭᠤᠯᠢ ᠶᠢᠨ ᠬᠠᠷᠢᠶᠠᠯᠠᠯ ᠤᠨ ᠮᠡᠳᠡᠭᠡ ᠵᠠᠩᠭᠢ ᠶᠢ ᠴᠠᠭ ᠲᠤᠬᠠᠶ ᠳᠤᠨᠢ ᠳᠠᠩᠰᠠᠯᠠᠵᠤ᠂ | ᠬᠢᠨᠠᠨ ᠰᠢᠯᠭᠠᠵᠤ᠂ ᠳᠡᠭᠡᠭᠰᠢ ᠮᠡᠳᠡᠭᠦᠯᠬᠦ ᠪᠠ ᠬᠤᠪᠢᠷᠠᠭᠤᠯᠵᠤ᠂ ᠮᠡᠳᠡᠭᠡ ᠵᠠᠩᠭᠢ ᠶᠢᠨ ᠦᠨᠡᠨ ᠪᠣᠳᠠᠲᠠᠶ᠂ | ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ︽ᠵᠢᠭᠡᠯᠡᠵᠦ ᠤᠩᠰᠢᠬᠤ︾ ᠪᠠ ︽ᠬᠥᠮᠦᠨ ᠤ ᠬᠠᠷᠢᠶ᠎ᠠ ᠶᠢ ᠰᠠᠯᠭᠠᠬᠤ︾ ᠶᠢ ᠴᠢᠩᠭ᠎ᠠ | ᠴᠠᠭᠠᠵᠠᠯᠠᠵᠤ᠂ ᠨᠢᠭᠡᠳᠦᠭᠡᠷ ᠪᠠ ᠳᠣᠯᠣᠳᠤᠭᠠᠷ ᠣᠨ ᠤ ᠰᠢᠨ᠎ᠡ ᠰᠣᠷᠣᠭᠴᠢ ᠵᠢᠨᠢᠩ ᠲᠣᠭᠤᠷᠢᠭ ᠲᠤ ᠰᠢᠯᠵᠢᠨ | ᠰᠤᠷᠤᠯᠴᠠᠵᠤ ᠪᠣᠯᠬᠤ ᠥᠬᠡᠶ᠃ | |