| | 7 ᠰᠠᠷ᠎ᠠ ᠶᠢᠨ 10 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ | ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2024 ᠣᠨ ᠤ 13 | ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 11 ᠳ᠋ᠤᠭᠡᠷ ᠤᠳᠠᠭ᠎ᠠ ᠶᠢᠨ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ | ᠲᠣᠪᠴᠢᠶᠠᠨ ᠤ ᠠᠷᠪᠠᠨ ᠲᠠᠪᠤᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ︾ ᠶᠢ ᠤᠯᠠᠮᠵᠢᠯᠠᠨ ᠰᠤᠷᠤᠯᠴᠠᠵᠤ᠂ | ᠮᠠᠨ ᠤ ᠲᠤᠭᠤᠷᠢᠭ ᠤᠨ ᠳᠡᠭᠡᠷ᠎ᠡ ᠬᠠᠭᠠᠰ ᠵᠢᠯ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ | ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯᠤᠨ ᠦᠨᠳᠦᠰᠦᠲᠡᠨ ᠤ ᠪᠦᠯᠬᠦᠮᠳᠡᠯ ᠤᠨ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠲᠤᠭᠤᠷᠢᠭ ᠤᠨ ︽ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠬᠤ︾ ᠢᠨᠵᠧᠨᠧᠷᠢᠩ᠂ ︽ᠰᠢᠨᠵᠢᠯᠡᠬᠦ ᠤᠬᠠᠭᠠᠨ ᠮᠡᠷᠭᠡᠵᠢᠯ ᠤᠨ ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠪᠣᠯᠤᠨ ︽ᠢᠯᠴᠢ ᠬᠠᠩᠭᠠᠬᠤ ᠳᠤᠯᠠᠭᠠᠯᠠᠭ᠎ᠠ︾ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠲᠤᠭᠤᠷᠢᠭ ᠤᠨ ᠬᠤᠭ ᠨᠣᠪᠰᠢ ᠶᠢ ᠲᠥᠷᠥᠯ ᠬᠤᠪᠢᠶᠠᠬᠤ | ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠢᠨᠢᠩ ᠲᠣᠭᠤᠷᠢᠭ ᠤᠨ ᠡᠨᠧᠷᠭᠢ ᠶᠢᠨ | ᠬᠤᠷᠣᠭᠳᠠᠯ ᠤᠨ ᠬᠤᠶᠠᠷ ᠢ ᠡᠵᠡᠮᠳᠡᠵᠦ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠶᠠᠷ ᠢ ᠡᠵᠡᠮᠳᠡᠬᠦ | ᠲᠡᠶᠢᠰᠢ ᠬᠤᠪᠢᠷᠠᠭᠤᠯᠬᠤ ᠠᠵᠢᠯ ᠤᠨ ᠲᠥᠰᠦᠯ︾ ᠵᠡᠷᠭᠡ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ | ᠬᠤᠷᠠᠯ ᠠᠴᠠ᠂ ᠡᠯ᠎ᠡ ᠰᠠᠯᠠᠭ᠎ᠠ ᠮᠥᠴᠢᠷ᠂ ᠨᠢᠭᠡᠴᠢ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ | ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠨᠡᠩ | ᠲᠤᠪᠤᠶᠢᠮ᠎ᠠ ᠪᠠᠶᠢᠷᠢᠨ ᠳᠤ ᠲᠠᠯᠪᠢᠵᠤ᠂ ᠣᠷᠣᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠵᠤ᠂ ᠤᠨᠴᠠᠯᠢᠬᠳᠤ | ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ | ᠵᠢᠴᠢ ᠬᠠᠪᠰᠤᠷᠤᠨ ᠲᠡᠳᠬᠦᠬᠦ ᠠᠵᠢᠯ ᠢ ᠬᠢᠨᠠᠮᠠᠭᠠᠢ ᠰᠠᠶᠢᠲᠤᠷ ᠬᠢᠵᠦ᠂ ᠬᠥᠳᠡᠭᠡ ᠲᠣᠰᠬᠤᠨ ᠤ ᠪᠦᠳᠦᠭᠡᠨ | ᠪᠠᠶᠢᠭᠤᠯᠤᠯᠲᠠ ᠶᠢᠨ ᠠᠵᠢᠯᠯᠠᠭ᠎ᠠ ᠶᠢ ᠯᠠᠪᠳᠠᠭᠤᠨ ᠢᠶᠠᠷ ᠬᠡᠷᠡᠭᠵᠢᠭᠦᠯᠵᠦ᠂ ︽ᠬᠥᠳᠡᠭᠡ ᠠᠵᠤ ᠠᠬᠤᠢ ᠬᠥᠳᠡᠭᠡ | ᠲᠣᠰᠬᠤᠨ ᠲᠠᠷᠢᠶᠠᠴᠢᠨ︾ ᠤ ᠠᠵᠢᠯ ᠤᠨ ᠵᠢᠯ ᠪᠦᠷᠢ ᠰᠢᠨ᠎ᠡ ᠠᠬᠢᠴᠠ ᠲᠠᠢ ᠪᠤᠯᠵᠤ᠂ ᠵᠢᠯ ᠪᠦᠷᠢ ᠴᠥᠮ ᠰᠢᠨ᠎ᠡ | ᠳᠦᠷᠰᠦ ᠪᠠᠶᠢᠳᠠᠯ ᠲᠠᠢ ᠪᠣᠯᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ | ᠬᠤᠷᠢᠶᠠᠨ ᠤ ᠰᠠᠨᠠᠯ︾ ᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠤᠯᠤᠰ᠂ ᠥᠪᠡᠷᠲᠡᠭᠡᠨ ᠵᠠᠰᠠᠬᠤ ᠣᠷᠣᠨ᠂ | ᠮᠠᠨ ᠤ ᠬᠤᠲᠠ ᠶᠢᠨ ᠡᠯ᠎ᠡ ᠲᠥᠷᠥᠯ ᠤᠨ ᠢᠵᠢ ᠪᠥᠷᠢᠳᠦᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ | ᠠᠷᠭ᠎ᠠ ᠬᠡᠮᠵᠢᠶ᠎ᠡ ᠲᠠᠢ ᠢᠳᠡᠪᠬᠢᠲᠡᠶ ᠵᠣᠯᠭᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠨᠡᠶᠢᠲᠡᠯᠡᠬᠦ᠂ ᠬᠦᠷᠭᠡᠬᠦ᠂ ᠭᠦᠶᠴᠡᠳᠬᠡᠬᠦ ᠵᠡᠷᠭᠡ ᠡᠯ᠎ᠡ ᠭᠤᠭᠴᠤᠭ᠎ᠠ ᠶᠢ ᠰᠠᠭᠠᠳ ᠥᠬᠡᠶ ᠨᠡᠪᠲᠡᠷᠡᠭᠦᠯᠵᠦ᠂ | ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ ᠨᠠᠶᠢᠳᠠᠪᠤᠷᠢᠵᠢᠭᠤᠯᠬᠤ ︽ᠡᠴᠦᠰ ᠤᠨ ᠨᠢᠭᠡ ᠺᠢᠯᠤᠮᠧᠲᠷ︾ ᠢ | ᠨᠡᠪᠲᠡᠷᠡᠭᠦᠯᠬᠦ ᠬᠡᠷᠡᠭᠲᠡᠶ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠪᠦᠰᠡᠯᠡᠯᠲᠡ ᠶᠢ ᠰᠢᠪᠲᠤᠯᠬᠤ︾ | ᠢᠨᠵᠧᠨᠧᠷᠢᠩ ᠢ ᠠᠬᠢᠭᠤᠯᠬᠤ ᠳᠤᠮᠳᠠ᠂ ︽ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ | ᠪᠦᠷᠢᠯᠳᠦᠭᠦᠯᠬᠦ︾ ᠡᠨᠡ ᠬᠦ ᠬᠠᠷᠠᠯᠲᠠ ᠳᠤ ᠬᠠᠨᠳᠤᠭᠤᠯᠵᠤ᠂ ᠲᠡᠷᠢᠭᠦᠨ ᠵᠡᠷᠭᠡ ᠶᠢᠨ ᠲᠡᠷᠢᠭᠦᠨ ᠤ ᠬᠢ ᠲᠠᠢ | ᠬᠠᠷᠭᠤᠭᠤᠯᠵᠤ᠂ ᠮᠠᠨ ᠤ ᠲᠤᠭᠤᠷᠢᠭ ᠤᠨᠨᠥ᠋ᠯᠥᠭᠡᠯᠡᠬᠦ ᠬᠦᠴᠦᠨ ᠢᠶᠠᠷ ᠶᠡᠭᠡ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ | ᠂ ᠬᠡᠪ ᠳᠠᠭᠤᠷᠢᠶᠠᠯ ᠤᠨ ᠦᠢᠯᠡᠳᠦᠯ ᠢ ᠪᠦᠷᠢᠯᠳᠦᠭᠦᠯᠵᠦ ᠴᠢᠳᠠᠬᠤ ︽ᠪᠦᠰᠡᠯᠡᠯᠲᠡ ᠶᠢ ᠰᠢᠪᠲᠤᠯᠬᠤ︾ ᠴᠡᠭ ᠢ ᠦᠨᠡᠨ | ᠬᠦ ᠡᠷᠢᠵᠦ ᠭᠠᠷᠭᠠᠬᠤ ᠬᠡᠷᠡᠭᠲᠡᠶ᠃ ︽ᠬᠠᠶᠢᠷ᠎ᠠ ᠬᠠᠯᠠᠮᠵᠢ ᠶᠢᠨ ᠢᠨᠵᠧᠨᠧᠷᠢᠩ︾ ᠢ ᠰᠠᠶᠢᠲᠤᠷ ᠠᠳᠬᠤᠬᠤ | ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠤᠯᠠᠨ ᠲᠦᠮᠡᠨ ᠤ ᠲᠤᠰᠬᠠᠯ | ᠴᠢᠩᠭ᠎ᠠ ᠪᠠᠶᠢᠭ᠎ᠠ ᠲᠤᠪᠤᠶᠢᠮ᠎ᠠ ᠠᠰᠠᠭᠤᠳᠠᠯ ᠪᠠ 14 ᠵᠦᠢᠯ ᠤᠨ ᠲᠣᠭᠲᠠᠭᠰᠠᠨ ᠢᠨᠵᠧᠨᠧᠷᠢᠩ ᠤᠨ ᠲᠥᠪᠯᠡᠷᠡᠭᠦᠯᠦᠨ | ᠪᠣᠭᠤᠮᠲᠠ ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠢ ᠠᠬᠢᠭᠤᠯᠬᠤ ᠡᠷᠴᠢᠮ ᠢᠶᠠᠨ | ᠴᠢᠩᠭᠠᠷᠠᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ ᠵᠢᠭᠠᠭᠰᠠᠨ ᠨᠢ᠂ ᠬᠤᠭ ᠨᠣᠪᠰᠢ ᠶᠢ ᠲᠥᠷᠥᠯ ᠬᠤᠪᠢᠶᠠᠬᠤ ᠪᠣᠯ ᠨᠢᠭᠡ ᠵᠦᠢᠯ ᠤᠨ ᠰᠢᠰᠲ᠋ᠧᠮᠲᠦ | ᠢᠨᠵᠧᠨᠧᠷᠢᠩ ᠮᠥᠨ᠂ ᠬᠤᠭ ᠨᠣᠪᠰᠢ ᠶᠢ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ᠂ ᠡᠮᠦᠨ᠎ᠡ | ᠦᠵᠦᠭᠦᠷ ᠲᠤ ᠬᠠᠶᠠᠬᠤ ᠶᠢ ᠨᠠᠷᠢᠯᠢᠭ ᠣᠨᠣᠴᠠᠲᠠᠶ ᠪᠣᠯᠭᠠᠬᠤ᠂ ᠳᠤᠮᠳᠠ ᠦᠵᠦᠭᠦᠷ ᠲᠤ ᠬᠤᠷᠢᠶᠠᠨ | ᠲᠡᠭᠡᠭᠡᠪᠦᠷᠢᠯᠡᠬᠦ ᠶᠢ ᠵᠢᠷᠤᠮᠵᠢᠭᠤᠯᠬᠤ᠂ ᠲᠡᠭᠦᠰᠬᠡᠯ ᠦᠵᠦᠭᠦᠷ ᠲᠤ ᠰᠢᠢᠳᠪᠦᠷᠢᠯᠡᠬᠦ ᠶᠢ ᠡᠬᠢ ᠪᠠᠶᠠᠯᠢᠭᠵᠢᠭᠤᠯᠬᠤ ᠪᠠ | ᠬᠤᠤᠷ ᠦᠭᠡᠶᠢᠳᠡᠭᠦᠯᠬᠦ ᠶᠢ ᠴᠢᠬᠤᠯᠠᠴᠢᠯᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢᠨ ᠡᠬᠢ | ᠡᠭᠦᠰᠦᠯ᠂ ᠡᠮᠦᠨ᠎ᠡ ᠦᠵᠦᠭᠦᠷ᠂ ᠳᠤᠮᠳᠠ ᠦᠵᠦᠭᠦᠷ᠂ ᠲᠡᠭᠦᠰᠬᠡᠯ ᠦᠵᠦᠭᠦᠷ ᠢ ᠨᠢᠭᠲᠠ ᠬᠤᠯᠪᠣᠯᠳᠤᠭᠤᠯᠵᠤ᠂ | ᠠᠯᠳᠠᠭ᠎ᠠ ᠪᠤᠷᠤᠭᠤ ᠭᠠᠷᠭᠠᠬᠤ ᠦᠭᠡᠢ ᠪᠠᠶᠢᠯᠭᠠᠵᠤ᠂ ᠠᠷᠠᠳ ᠣᠯᠠᠨ ᠤ ᠰᠠᠶᠢᠨ ᠰᠠᠶᠢᠬᠠᠨ ᠣᠷᠣᠰᠢᠨ ᠰᠠᠭᠤᠬᠤ | ᠣᠷᠴᠢᠨ ᠲᠣᠭᠤᠷᠢᠨ ᠤ ᠲᠤᠬᠠᠶ ᠬᠦᠰᠡᠯ ᠡᠷᠡᠮᠡᠯᠵᠡᠯ ᠢ ᠨᠠᠩ ᠰᠠᠶᠢᠲᠤᠷ ᠬᠠᠩᠭᠠᠬᠤ ᠬᠡᠷᠡᠭᠲᠡᠶ᠃ | ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠠᠵᠢᠯ ᠢ ᠡᠳᠦᠷ ᠳᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ ᠤᠯᠤᠰ ᠤᠨ | ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠶᠢ ᠯᠠᠪᠳᠠᠭᠤᠨ ᠪᠠᠲᠤᠲᠠᠢ | ᠠᠬᠢᠭᠤᠯᠵᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠪᠦᠬᠦ | ᠲᠠᠯ᠎ᠠ ᠪᠠᠷ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ | ᠬᠥᠮᠦᠵᠢᠯ ᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠲᠠᠢ ᠦᠨᠡᠨ ᠬᠦ | ᠤᠶᠠᠯᠳᠤᠭᠤᠯᠵᠤ᠂ ᠨᠠᠮ ᠤᠨ ᠭᠡᠰᠢᠭᠦᠨ ᠺᠠᠳ᠋ᠷ ᠪᠣᠯᠤᠨ ᠥᠷᠭᠡᠨ ᠤᠯᠠᠨ ᠠᠷᠠᠳ ᠲᠦᠮᠡᠨ ᠢ ᠬᠥᠮᠦᠵᠢᠭᠦᠯᠦᠨ | ᠬᠦᠳᠦᠯᠦᠨ ᠵᠢᠯᠣᠭᠤᠳᠴᠤ ᠪᠠᠶᠢᠭᠠᠳ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ | ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ ᠂ ᠵᠠᠰᠠᠭ ᠤᠨ ᠣᠷᠳᠣᠨ ᠤ ᠡᠯ᠎ᠡ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ︽ᠨᠢᠭᠡᠳᠦᠭᠡᠷ ᠬᠠᠷᠢᠭᠤᠴᠠᠯᠭᠠᠲᠠᠨ︾ ᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠵᠦ᠂ ︽ᠬᠠᠤᠯᠢᠵᠢᠯ ᠤᠨ ᠣᠶᠢᠯᠠᠭᠠᠭᠳᠠᠬᠤᠨ︾ ᠢ ᠪᠠᠲᠤ ᠪᠤᠢ ᠪᠣᠯᠭᠠᠵᠤ᠂ ᠬᠠᠤᠯᠢᠵᠢᠯ ᠤᠨ | ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠬᠠᠤᠯᠢᠵᠢᠯ ᠤᠨ ᠴᠠᠭᠠᠷᠢᠭ ᠢ | ᠬᠥᠮᠦᠵᠢᠭᠦᠯᠦᠨ ᠪᠣᠯᠪᠠᠰᠤᠷᠠᠭᠤᠯᠵᠤ᠂ ᠠᠵᠢᠯ ᠤᠨ ᠵᠢᠯᠤᠭᠤᠳᠤᠯᠭ᠎ᠠ᠂ ᠱᠠᠯᠠᠪᠳᠠᠭᠤᠯᠤᠨ ᠪᠠᠶᠢᠴᠠᠭᠠᠬᠤ ᠪᠠ ᠦᠷ᠎ᠡ | ᠪᠦᠲᠦᠮᠵᠢ ᠶᠢ ᠮᠥᠷᠳᠡᠨ ᠠᠰᠠᠭᠤᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ | ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠬᠤᠷᠠᠯ ᠠᠴᠠ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ | ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ | ᠦᠷᠭᠦᠯᠵᠢᠯᠡᠨ ᠰᠢᠯᠢᠳᠡᠭᠵᠢᠭᠦᠯᠵᠦ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠬᠦᠴᠦᠲᠡᠢ ᠠᠬᠢᠭᠤᠯᠵᠤ᠂ ᠰᠤᠷᠲᠠᠯ | ᠴᠢᠬᠡᠴᠢ ᠣᠪᠣᠷ ᠲᠥᠪ ᠠᠵᠢᠯ ᠬᠢᠬᠦ ᠣᠷᠴᠢᠨ ᠨᠥᠬᠦᠴᠡᠯ ᠢ ᠪᠤᠢ ᠪᠣᠯᠭᠠᠬᠤ ᠬᠡᠷᠡᠭᠲᠡᠢ᠃ ᠬᠠᠷᠢᠭᠤᠴᠠᠯᠭ᠎ᠠ ᠶᠢᠨ | ᠬᠡᠯᠬᠢᠶ᠎ᠡ ᠶᠢ ᠴᠢᠩᠭᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠢ ᠠᠬᠢᠭᠤᠯᠵᠤ᠂ ᠨᠠᠮ ᠤᠨ | ᠤᠳᠤᠷᠢᠳᠬᠤ ᠳᠤᠭᠤᠶᠢᠯᠠᠩ ᠤᠨ ᠪᠠᠭ ᠤᠨ ᠪᠦᠷᠢᠯᠳᠦᠬᠦᠨ ᠤ ︽ᠵᠠᠩᠭᠢᠯᠠᠭ᠎ᠠ ᠶᠢᠨ ᠴᠥᠭᠡᠨ ᠲᠣᠭᠠᠲᠠᠨ︾ ᠤ ᠦᠯᠢᠭᠡᠷ | ᠳᠠᠭᠤᠷᠢᠶᠠᠯ ᠪᠣᠯᠬᠤ ᠶᠢ ᠪᠠᠷᠢᠮᠲᠠᠯᠠᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠶᠤᠯ | ᠲᠦᠭᠰᠢᠭᠦᠷᠢ ᠪᠠ ᠢᠯᠵᠠᠷᠠᠯ ᠤᠨ ᠠᠰᠠᠭᠤᠳᠠᠯ ᠠᠮᠠᠷᠬᠠᠨ ᠡᠭᠦᠰᠬᠦ ᠤᠯᠠᠨ ᠡᠭᠦᠰᠬᠦ ᠬᠦᠷᠢᠶ᠎ᠡ ᠪᠠ ᠭᠤᠭᠴᠤᠭ᠎ᠠ ᠶᠢᠨ | ᠲᠣᠭᠤᠷᠢᠨ ᠳᠤ᠂ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ ᠪᠦᠲᠦᠮᠵᠢᠲᠡᠢ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠬᠤ ᠲᠦᠷᠢᠮ ᠤᠨ ᠰᠢᠰᠲ᠋ᠧᠮ ᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ | ᠤᠷᠴᠢᠭᠤᠯᠤᠭᠴᠢ᠄ ᠲᠤᠶᠠᠭ᠎ᠠ | |