ᠺᠠᠩ ᠬᠠᠢ ᠷᠦᠢ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ ᠤᠷᠤᠪᠠ
ᠨᠡᠶᠢᠲᠡᠯᠡᠭᠰᠡᠨ ᠴᠠᠭ᠄
2024/7/2
 
705470.jpg
    7 ᠰᠠᠷ᠎ᠠ ᠶᠢᠨ 1᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ︽ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠰᠠᠬᠢᠯᠭ᠎ᠠ ᠪᠠᠲᠤ ᠶᠢ ᠰᠡᠳᠬᠢᠯ ᠳᠡᠭᠡᠨ ᠰᠢᠩᠭᠡᠭᠡᠵᠦ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠦᠷ᠎ᠡ ᠪᠦᠲᠦᠮᠵᠢ ᠳᠡᠭᠡᠨ ᠦᠢᠯᠡᠳᠦᠯᠭᠡᠵᠢᠭᠦᠯᠬᠦ ᠶᠢ ᠠᠬᠢᠭᠤᠯᠤᠶ᠎ᠠ︾ ᠭᠡᠬᠦ ᠰᠡᠳᠦᠪ ᠢᠶᠠᠷ ᠲᠤᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠪᠣᠯᠤᠨ ᠠᠯᠪᠠᠨ ᠬᠡᠷ ᠤᠨ ᠨᠠᠮ ᠤᠨ ᠭᠡᠰᠢᠭᠦᠨ ᠺᠠᠳ᠋ᠷᠴᠤᠳ ᠲᠤ ᠰᠠᠬᠢᠯᠭ᠎ᠠ ᠪᠠᠲᠤ ᠶᠢᠨ ᠨᠠᠮ ᠤᠨ ᠬᠢᠴᠢᠶᠡᠯ  ᠤᠷᠤᠪᠠ᠃    ᠺᠠᠩ ᠬᠠᠶ ᠷᠦᠢ ᠬᠡᠯᠡᠭᠰᠡᠨ ᠨᠢ ᠂ ᠨᠠᠮ ᠤᠨ ᠠᠷᠪᠠᠨ  ᠨᠠᠢᠮᠠᠳᠤᠭᠠᠷ ᠶᠡᠭᠡ ᠬᠤᠷᠠᠯ ᠠᠴᠠ ᠨᠠᠰᠢ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠠᠬᠢᠭᠤᠯᠬᠤ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠠᠢ ᠨᠢᠭᠲᠠ ᠤᠶᠠᠯᠳᠤᠭᠤᠯᠤᠨ ᠠᠯᠢ ᠣᠯᠠᠨ ᠴᠢᠬᠤᠯᠠ ᠶᠠᠷᠢᠶ᠎ᠠ ᠲᠠᠯᠪᠢᠵᠤ᠂ ᠠᠯᠢ ᠣᠯᠠᠨ ᠴᠢᠬᠤᠯᠠ ᠵᠢᠭᠠᠪᠤᠷᠢ ᠥᠭᠴᠦ᠂ ᠰᠢᠨ᠎ᠡ ᠴᠠᠭ ᠦᠶ᠎ᠡ ᠳᠤ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠬᠦ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠵᠤ᠂ ᠶᠠᠭ ᠥᠷᠨᠢᠭᠦᠯᠵᠦ ᠪᠠᠶᠢᠭ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠳᠤ ᠦᠨᠳᠦᠰᠦᠨ ᠵᠢᠷᠤᠮᠯᠠᠯ ᠬᠠᠩᠭᠠᠵᠠᠶ᠃ ᠨᠠᠮ ᠤᠨ ᠭᠡᠰᠢᠭᠦᠨ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠦᠨᠳᠦᠰᠦ ᠠᠴᠠ ᠨᠢ ᠵᠠᠰᠠᠬᠤ ᠪᠤᠳᠤᠯᠭ᠎ᠠ ᠮᠥᠨ︾ ᠭᠡᠳᠡᠭ ᠤᠨ ᠴᠢᠬᠤᠯᠠ ᠴᠢᠨᠠᠷ ᠢ ᠭᠦᠨᠵᠡᠭᠡᠢ ᠣᠶᠢᠯᠠᠭᠠᠵᠤ᠂ ᠦᠷᠭᠦᠯᠵᠢᠯᠡᠨ ᠭᠦᠨᠵᠡᠭᠡᠢ ᠰᠤᠷᠤᠯᠴᠠᠨ ᠨᠠᠷᠢᠨ ᠣᠶᠢᠯᠠᠭᠠᠵᠤ᠂ ᠰᠠᠬᠢᠯᠭ᠎ᠠ ᠪᠠᠲᠤ ᠶᠢ ᠮᠡᠳᠡᠬᠦ ᠳᠤᠮᠳᠠ ᠰᠢᠨ᠎ᠡ ︽ᠲᠦᠷᠢᠮ︾᠎ ᠤᠨ ᠠᠭᠤᠯᠤᠭᠳᠠᠬᠤᠨ ᠤ ᠬᠤᠪᠢᠷᠠᠯᠲᠠ ᠶᠢ ᠣᠨᠣᠪᠴᠢᠲᠠᠢ ᠡᠵᠡᠮᠳᠡᠵᠦ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠵᠠᠯᠠᠷᠠᠭᠤᠯᠬᠤ ᠬᠡᠷᠡᠭᠲᠡᠢ᠃    ᠺᠠᠩ ᠬᠠᠶ ᠷᠦᠢ  ᠬᠡᠯᠡᠭᠰᠡᠨ ᠨᠢ᠂ ᠤᠯᠤᠰ ᠲᠥᠷᠥ ᠶᠢ ᠡᠷᠬᠢᠮᠯᠡᠬᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠥᠷᠨᠢᠭᠦᠯᠦᠭᠰᠡᠨ ᠪᠣᠶ ᠪᠥᠬᠦᠶ ᠠᠵᠢᠯ ᠢ ᠴᠥᠮ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠨᠠᠮ ᠤᠨ ᠲᠦᠷᠢᠮ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠲᠠᠢ ᠬᠠᠷᠢᠴᠠᠭᠤᠯᠤᠨ᠂ ᠴᠥᠮ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠤᠯ ᠱᠤᠭᠤᠮ ᠤᠨ ᠱᠠᠭᠠᠷᠳᠠᠯᠭ᠎ᠠ ᠲᠠᠢ ᠬᠠᠷᠭᠤᠭᠤᠯᠵᠤ᠂ ᠪᠣᠭᠤᠮᠲᠠ ᠶᠢ ᠴᠢᠩᠭ᠎ᠠ ᠰᠠᠬᠢᠵᠤ᠂ ᠬᠤᠶᠠᠷ ᠶᠡᠭᠡ ᠶᠠᠪᠤᠳᠠᠯ ᠵᠢᠴᠢ ᠳᠡᠭᠡᠳᠦ ᠱᠠᠲᠤᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠲᠡᠷᠡ ᠶᠣᠰᠣᠭᠠᠷ ᠨᠢ ᠬᠡᠷᠡᠭᠵᠢᠭᠦᠯᠬᠦ ᠶᠢ ᠠᠳᠬᠤᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠶ ᠭᠡᠵᠡᠶ᠃ ᠭᠤᠣᠯᠳᠠᠯᠭ᠎ᠠ ᠶᠢ ᠳᠤᠪᠤᠶᠢᠯᠭᠠᠵᠤ᠂ ᠭᠤᠣᠯ ᠬᠤᠳᠠ ᠲᠣᠭᠤᠷᠢᠭ ᠤᠨ ᠬᠥᠭᠵᠢᠯᠲᠡ ᠪᠣᠯᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠵᠤ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠠᠷᠭ᠎ᠠ ᠬᠢᠳᠡᠯ ᠲᠠᠢ ᠬᠠᠷᠢᠴᠠᠭᠤᠯᠤᠨ ᠰᠤᠷᠤᠯᠴᠠᠵᠤ᠂ ᠰᠢᠷᠭᠠᠭᠤ ᠰᠤᠷᠤᠯᠴᠠᠬᠤ ᠶᠢ ᠬᠡᠷᠡᠭᠲᠡᠢ᠃ ᠨᠠᠷᠢᠨ ᠬᠢᠨᠠᠮᠠᠭᠠᠢ ᠬᠠᠷᠢᠭᠤᠴᠠᠬᠤ ᠶᠢ ᠰᠡᠳᠬᠢᠯ ᠳᠡᠭᠡᠨ ᠴᠡᠭᠡᠵᠢᠯᠡᠵᠦ᠂ ᠭᠠᠷ ᠳᠠᠮᠵᠢᠪᠠᠯ ᠳᠠᠷᠤᠢ ᠬᠠᠷᠢᠭᠤᠴᠠᠯᠭ᠎ᠠ ᠪᠣᠯᠬᠤ ᠶᠢ ᠪᠠᠷᠢᠮᠲᠠᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠨᠢᠭᠲᠠ ᠠᠴᠠ ᠨᠢᠭᠲᠠ ᠪᠠᠶᠢᠬᠤ ᠶᠢ ᠡᠷᠬᠢᠮᠯᠡᠵᠦ᠂ ᠡᠯ᠎ᠡ ᠵᠦᠢᠯ ᠤᠨ ᠠᠵᠢᠯ ᠢ ᠪᠦᠬᠦ ᠬᠤᠳᠠ ᠳᠤ ᠦᠯᠢᠭᠡᠷ ᠳᠠᠭᠤᠷᠢᠶᠠᠯ ᠪᠣᠯᠬᠤ ᠶᠢ ᠪᠠᠲᠤᠯᠠᠬᠤ ᠬᠡᠷᠡᠭᠲᠡᠢ᠃ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠠᠵᠢᠯᠯᠠᠭ᠎ᠠ ᠳᠡᠭᠡᠷ᠎ᠡ ᠪᠠᠨ ᠢᠯᠡᠷᠡᠭᠦᠯᠵᠦ᠂ ᠠᠵᠢᠯ ᠤᠨ ᠠᠶᠢᠵᠠᠮ ᠢᠶᠠᠨ ᠲᠦᠷᠭᠡᠳᠬᠡᠵᠦ᠂ ︽ᠳᠠᠩᠰᠠ ᠮᠡᠳᠡᠭᠦᠯᠬᠦ ᠤᠬᠠᠮᠰᠠᠷ᠂ ᠡᠪᠬᠡᠮᠡᠯ ᠲᠤᠰᠢᠶᠠᠬᠤ ᠤᠬᠠᠮᠰᠠᠷ᠂ ᠦᠷ᠎ᠡ ᠪᠦᠲᠦᠭᠡᠯ ᠤᠨ ᠤᠬᠠᠮᠰᠠᠷ︾᠎ ᠢᠶᠠᠨ ᠴᠢᠩᠭᠠᠳᠬᠠᠵᠤ᠂ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠨᠠᠶᠢᠳᠠᠪᠤᠷᠢᠵᠢᠭᠤᠯᠵᠤ᠂ ᠰᠠᠶᠢᠲᠤᠷ ᠪᠡᠶᠡᠯᠡᠭᠦᠯᠬᠦ ᠬᠡᠷᠡᠭᠲᠡᠢ᠃ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠬᠤᠷᠢᠭ᠎ᠠ ᠱᠤᠭᠤᠮ ᠢ ᠰᠠᠶᠢᠲᠤᠷ ᠰᠠᠬᠢᠵᠤ᠂ ᠨᠠᠮ ᠤᠨ ᠭᠡᠰᠢᠭᠦᠨ ᠺᠠᠳ᠋ᠷᠴᠤᠳ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠲᠦᠷᠦᠭᠦᠯᠡᠨ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠵᠡᠯ ᠰᠠᠨᠠᠭᠠᠨ ᠤ ᠲᠠᠯ᠎ᠠ ᠪᠠᠷ  ᠬᠤᠷᠢᠭ᠎ᠠ ᠱᠤᠭᠤᠮ ᠲᠣᠭᠲᠠᠭᠠᠵᠤ᠂ ᠦᠢᠯᠡ ᠠᠵᠢᠯᠯᠠᠭ᠎ᠠ ᠶᠢᠨ ᠲᠠᠯ᠎ᠠ ᠪᠠᠷ ᠵᠠᠭᠠᠭ ᠬᠢᠵᠠᠭᠠᠷ ᠢ ᠲᠣᠳᠣᠷᠬᠠᠶᠢᠯᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠮᠥᠨ ᠴᠢᠨᠠᠷ ᠢ ᠢᠮᠠᠭᠲᠠ ᠪᠠᠲᠤᠯᠠᠬᠤ ᠬᠡᠷᠡᠭᠲᠡᠶ᠃        ᠨᠠᠶᠢᠷᠠᠭᠤᠯᠤᠭᠴᠢ᠄  ᠸᠠᠩ ᠵᠢᠩ ᠵᠢᠩ᠂ ᠴᠢᠶᠤᠤ ᠮᠢᠨ ᠮᠢᠨ        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2