ᠺᠠᠩ ᠬᠠᠶ ᠷᠦᠢ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/7/2
    7 ᠰᠠᠷ᠎ᠠ ᠶᠢᠨ 1᠎ ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠶ ᠷᠦᠢ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠲᠤ ᠬᠦᠷᠴᠦ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠺᠠᠩ ᠬᠠᠶ ᠷᠦᠢ ᠤᠷᠢᠳ ᠬᠤᠵᠢᠳ ᠥᠪᠥᠷ ᠮᠣᠩᠭᠤᠯ ᠤᠨ ᠬᠤᠩ ᠰᠢᠩ ᠶᠤᠸᠠᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠰᠢᠨ ᠲᠢ ᠯᠦ ᠵᠡᠭᠡᠯᠢ ᠭᠤᠳᠤᠮᠵᠢ ᠶᠢᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠨᠡᠶᠢᠭᠡᠮ ᠲᠣᠭᠤᠷᠢᠭ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠨᠢᠩ ᠤᠨ ᠬᠠᠷᠢᠶᠠᠲᠤ ᠳᠤᠮᠳᠠᠳᠤ ᠰᠤᠷᠭᠠᠭᠤᠯᠢ᠂ ᠪᠠᠶ ᠬᠠᠶ ᠽᠢ ᠪᠠᠯᠭᠠᠰᠤᠨ ᠤ ᠴᠢᠤᠸᠠᠨ ᠢᠦᠶ ᠯᠢᠩ ᠲᠣᠰᠬᠤᠨ ᠳᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠶᠠᠷᠢᠯᠴᠠᠨ ᠰᠣᠯᠢᠯᠴᠠᠬᠤ᠂ ᠬᠠᠷᠢᠭᠤ ᠮᠡᠳᠡᠭᠦᠯᠦᠯᠲᠡ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠵᠢᠯᠣᠭᠤᠳᠬᠤ ᠰᠠᠨᠠᠯ ᠳᠤᠷᠠᠳᠪᠠ᠃    ᠺᠠᠩ ᠬᠠᠶ ᠷᠦᠢ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠶᠴᠡᠳ ᠲᠠᠨᠢᠵᠤ᠂ ᠤᠬᠠᠮᠰᠠᠷ ᠠᠴᠠ ᠪᠠᠨ ᠨᠠᠮ ᠤᠨ ᠰᠠᠬᠢᠯᠭ᠎ᠠ ᠪᠠᠲᠤ ᠶᠢ ᠰᠤᠷᠤᠯᠴᠠᠬᠤ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠣᠰᠣ ᠲᠦᠷᠢᠮ ᠢ ᠦᠨᠡᠨ ᠬᠦ ᠭᠦᠨᠵᠡᠭᠡᠶᠢᠷᠡᠭᠦᠯᠦᠨ ᠦᠢᠯᠡᠳᠦᠯᠭᠡ ᠶᠢᠨ ᠳᠤᠮᠳᠠ ᠬᠤᠪᠢᠷᠠᠭᠤᠯᠬᠤ ᠬᠡᠷᠡᠭᠲᠡᠶ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠤᠰ ᠪᠡᠶ᠎ᠡ ᠶᠢᠨ ᠠᠵᠢᠯ ᠲᠠᠢ ᠪᠠᠨ ᠨᠢᠭᠲᠠ ᠤᠶᠠᠯᠳᠤᠭᠤᠯᠵᠤ᠂ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠲᠡᠰ ᠬᠤᠪᠢᠶᠠᠨ ᠲᠦᠷᠦᠯ ᠬᠤᠪᠢᠶᠠᠨ ᠰᠠᠶᠢᠲᠤᠷ ᠠᠳᠬᠤᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠬᠡᠷᠡᠭᠯᠡᠬᠦ ᠶᠢ ᠴᠢᠬᠤᠯᠠᠴᠢᠯᠠᠵᠤ᠂ ᠳᠡᠷᠭᠡᠳᠡᠬᠢ ᠶᠠᠪᠤᠳᠠᠯ ᠢᠶᠠᠷ ᠢᠶᠠᠨ ᠳᠡᠷᠭᠡᠳᠡᠬᠢ ᠬᠥᠮᠦᠨ ᠢᠶᠠᠨ ᠬᠥᠮᠦᠵᠢᠭᠦᠯᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠨᠳᠤᠯᠭᠠᠲᠤ ᠴᠢᠨᠠᠷ ᠪᠠ ᠪᠣᠳᠠᠲᠤ ᠦᠷ᠎ᠡ ᠪᠦᠲᠦᠮᠵᠢᠲᠦ ᠴᠢᠨᠠᠷ ᠢ ᠴᠢᠩᠭᠠᠳᠬᠠᠬᠤ ᠬᠡᠷᠡᠭᠲᠡᠶ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ ᠶᠢᠨ ᠦᠢᠯᠡᠳᠦᠯ ᠪᠣᠯᠤᠨ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠣᠨᠣᠪᠴᠢᠲᠠᠢ ᠣᠶᠢᠯᠠᠭᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠰᠠᠶᠢᠲᠤᠷ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠵᠢᠷᠭᠠᠯᠲᠤ ᠲᠦᠷᠦᠭᠳᠡᠯ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠᠷ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠰᠠᠶᠢᠲᠤᠷ ᠠᠳᠬᠤᠵᠤ᠂ ᠨᠠᠮᠴᠢ ᠴᠢᠨᠠᠷ ᠤᠨ ᠳᠠᠪᠲᠠᠯᠲᠠ ᠶᠢ ᠴᠢᠩᠭᠠᠳᠬᠠᠵᠤ᠂ ᠰᠠᠬᠢᠯᠭ᠎ᠠ ᠪᠠᠲᠤ ᠶᠢᠨ ᠤᠬᠠᠮᠰᠠᠷ ᠢ ᠴᠢᠩᠭᠠᠳᠬᠠᠵᠤ᠂ ︽ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠤᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ︾ ᠳᠡᠭᠡᠷ᠎ᠡ ᠬᠦᠴᠦ ᠲᠠᠯᠪᠢᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠠᠲᠤᠯᠠᠬᠤ ᠬᠡᠷᠡᠭᠲᠡᠢ᠃        ᠨᠠᠶᠢᠷᠠᠭᠤᠯᠤᠭᠴᠢ ᠄ ᠸᠠᠩ ᠵᠢᠩ ᠵᠢᠩ ᠂ ᠴᠢᠶᠣᠤ ᠮᠢᠨ ᠮᠢᠨ        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2