ᠦᠰᠦᠭ ᠪᠢᠴᠢᠭ ᠢᠶᠠᠷ ᠦᠭᠦᠯᠡᠬᠦᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ︵2024 ᠣᠨ ᠤ ᠬᠡᠪᠯᠡᠯ︶︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2024/7/2
    ᠣᠶᠢᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠰᠢᠨ᠎ᠡ ᠪᠠᠷ ᠵᠠᠰᠠᠪᠤᠷᠢᠯᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ︵2024 ᠬᠡᠪᠯᠡᠯ ︶︾ ︵ᠳᠣᠷᠣᠭᠰᠢ ︽ᠪᠡᠯᠡᠳᠬᠡᠯ ᠲᠥᠰᠥᠯ ︾ ᠭᠡᠵᠦ ᠲᠣᠪᠴᠢᠯᠠᠪᠠ ︶᠎ ᠢ ᠳᠠᠷᠤᠮᠠᠯᠯᠠᠨ ᠲᠠᠷᠬᠠᠭᠠᠪᠠ ᠃ ᠲᠣᠰ ᠤᠳᠠᠭ᠎ᠠ ︽ᠪᠡᠯᠡᠳᠬᠡᠯ ᠲᠥᠰᠥᠯ ︾᠎ ᠳᠤ ᠵᠠᠰᠠᠪᠤᠷᠢ ᠣᠷᠣᠭᠤᠯᠬᠤ ᠳᠤ ᠪᠠᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠂ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠠᠵᠢᠯ ᠤᠨ ᠢᠶᠠᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ ᠂ ᠣᠶᠢᠷ᠎ᠠ ᠶᠢᠨ ᠵᠢᠯ ᠤᠳ ᠤᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠭᠰᠠᠨ ᠲᠤᠷᠰᠢᠯᠭ᠎ᠠ ᠪᠠ ᠠᠷᠭ᠎ᠠ ᠬᠢᠳᠡᠯ ᠨᠦᠭᠦᠳ ᠢ ᠨᠠᠷᠢᠨ ᠬᠢᠨᠠᠮᠠᠭᠠᠢ ᠳ᠋ᠦᠩᠨᠡᠵᠦ ᠂ ᠰᠢᠨ᠎ᠡ ᠴᠠᠭ ᠦᠶ᠎ᠡ ᠶᠢᠨ ᠪᠠᠶᠢᠭᠠᠯᠢ ᠶᠢᠨ ᠭᠠᠮᠰᠢᠭ ᠤᠨ ᠪᠠᠶᠢᠳᠠᠯ ᠪᠠ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠡᠭᠦᠷᠭᠡ ᠶᠢᠨ ᠱᠠᠭᠠᠷᠳᠠᠯᠭ᠎ᠠ ᠶᠢ ᠴᠢᠩᠭ᠎ᠠ ᠠᠩᠬᠠᠷᠴᠤ ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠬᠤ ᠰᠢᠨ᠎ᠡ ᠬᠡᠷᠡᠭᠴᠡᠭᠡ ᠶᠢ ᠠᠩᠬᠠᠷᠴᠤ ᠂ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠳᠡᠰ ᠤᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠲᠣᠭᠲᠠᠴᠠ ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠡᠬᠢᠯᠡᠭᠦᠯᠬᠦ ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ ᠶᠢ ᠪᠥᠬᠦ ᠲᠠᠯ᠎ᠠ ᠪᠠᠷ ᠵᠢᠷᠤᠮᠵᠢᠭᠤᠯᠤᠨ ᠲᠡᠭᠦᠯᠳᠡᠷᠵᠢᠭᠦᠯᠪᠡ ᠃    ᠨᠢᠭᠡ᠂ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠶᠢ ᠴᠢᠨᠠᠭᠰᠢᠳᠠ ᠤᠯᠠᠮ ᠲᠡᠭᠦᠯᠳᠡᠷᠵᠢᠭᠦᠯᠪᠡ᠃ ︽ᠪᠡᠯᠡᠳᠬᠡᠯ ᠲᠥᠰᠥᠯ︾᠎ ᠳᠤ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠡᠭᠦᠷᠭᠡ ᠴᠢᠳᠠᠮᠵᠢ ᠶᠢ ᠲᠣᠳᠣᠷᠬᠠᠶᠢᠯᠠᠨ᠂ ᠲᠡᠭᠦᠨ ᠤ ᠪᠦᠬᠦ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠢ ᠲᠦᠷᠦᠭᠦᠯᠡᠨ ᠶᠡᠷᠦᠩᠬᠡᠶᠢᠯᠡᠨ ᠠᠳᠬᠤᠬᠤ᠂ ᠶᠡᠷᠦᠩᠬᠡᠶᠢᠯᠡᠨ ᠨᠢᠭᠡᠳᠦᠯᠲᠡᠢ ᠲᠥᠯᠥᠪᠯᠡᠬᠦ᠂ ᠵᠢᠯᠣᠭᠤᠳᠤᠨ ᠰᠢᠮᠳᠠᠭᠤᠯᠬᠤ ᠦᠢᠯᠡᠳᠦᠯ ᠢ ᠨᠢ ᠭᠦᠢᠴᠡᠳ ᠪᠠᠳᠠᠷᠠᠭᠤᠯᠵᠠᠢ᠂ ᠪᠠᠰᠠ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠨᠦᠭᠦᠳ ᠤᠨ ᠲᠤᠰᠬᠠᠢ ᠮᠡᠷᠭᠡᠵᠢᠯ ᠤᠨ ᠳᠠᠪᠠᠭᠤᠯᠢᠭ᠂ ᠠᠵᠢᠯ ᠲᠦᠷᠦᠯ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠨᠢ ᠠᠬᠢᠭᠤᠯᠵᠤ᠂ ᠵᠥᠪᠳᠡᠯᠴᠡᠨ ᠰᠤᠳᠤᠯᠤᠨ ᠮᠠᠭᠠᠳᠯᠠᠬᠤ᠂ ᠠᠵᠢᠯᠯᠠᠭ᠎ᠠ ᠡᠬᠢᠯᠡᠭᠦᠯᠬᠦ ᠵᠡᠷᠭᠡ ᠡᠭᠦᠷᠭᠡ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠵᠢᠯᠤᠭᠤᠳᠬᠤ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠭᠠᠮᠰᠢᠭ ᠲᠤ ᠬᠤᠯᠪᠤᠭᠳᠠᠬᠤ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠤᠨ ᠵᠣᠬᠢᠴᠠᠭᠤᠯᠤᠨ ᠬᠥᠳᠡᠯᠦᠯᠴᠡᠬᠦ᠂ ᠬᠠᠮᠲᠤᠷᠠᠨ ᠠᠷᠭᠠᠴᠠᠵᠤ ᠵᠢᠯᠤᠭᠤᠳᠬᠤ ᠲᠣᠭᠲᠠᠴᠠ ᠶᠢ ᠪᠠᠶᠢᠭᠤᠯᠵᠠᠢ᠃ ︽ᠪᠡᠯᠡᠳᠬᠡᠯ ᠲᠥᠰᠥᠯ︾᠎ ᠳᠤ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠠᠯᠪᠠᠨ ᠭᠡᠷ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠡᠭᠦᠷᠭᠡ ᠴᠢᠳᠠᠮᠵᠢ ᠶᠢ ᠲᠣᠳᠣᠷᠬᠠᠶᠢᠯᠠᠭᠰᠠᠨ ᠮᠥᠷᠲᠡᠭᠡᠨ ᠠᠯᠪᠠᠨ ᠭᠡᠷ ᠤᠨ ᠲᠤᠰᠢᠶᠠᠯ ᠬᠠᠷᠢᠭᠤᠴᠠᠯᠭ᠎ᠠ ᠶᠢ ᠲᠤᠰᠬᠠᠢ ᠲᠣᠭᠲᠠᠭᠠᠭᠰᠠᠨ ᠨᠢ ᠪᠦᠬᠦ᠋ᠢᠯᠡ ᠵᠣᠬᠢᠶᠠᠨ ᠪᠠᠶᠢᠭᠤᠯᠵᠤ ᠵᠢᠯᠤᠭᠤᠳᠬᠤ ᠲᠣᠭᠲᠠᠯᠴᠠᠭ᠎ᠠ ᠶᠢ ᠨᠡᠩ ᠪᠦᠷᠢᠨ ᠲᠡᠭᠦᠯᠳᠡᠷᠵᠢᠭᠦᠯᠪᠡ᠃    ᠬᠤᠶᠠᠷ ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ ᠶᠢ ᠴᠢᠨᠠᠭᠰᠢᠳᠠ ᠤᠯᠠᠮ ᠵᠢᠷᠤᠮᠵᠢᠭᠤᠯᠪᠠ ᠃ ︽ᠪᠡᠯᠡᠳᠬᠡᠯ ᠲᠥᠰᠥᠯ ︾᠎ ᠤᠨ ᠳᠥᠷᠪᠡᠳᠦᠭᠡᠷ ᠪᠦᠯᠦᠭ ᠢ ᠲᠤᠰᠬᠠᠢ ᠪᠦᠯᠦᠭ ᠪᠣᠯᠭᠠᠨ ︽ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠬᠦ ᠪᠠ ᠨᠡᠶᠢᠲᠡᠯᠡᠬᠦ ︾ ᠠᠵᠢᠯ ᠢ ᠳᠣᠭᠲᠠᠭᠠᠵᠠᠢ᠃ ᠲᠤᠰ ᠪᠦᠯᠦᠭ ᠲᠤ᠂ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠪᠦᠷᠢᠳᠬᠡᠭᠡᠳ ᠮᠡᠳᠡᠭᠦᠯᠦᠨ ᠬᠦᠷᠭᠡᠬᠦ᠂ ᠬᠢᠨᠠᠨ ᠪᠠᠶᠢᠴᠠᠭᠠᠭᠠᠳ ᠦᠨᠡᠯᠡᠨ ᠵᠢᠱᠢᠬᠦ᠂ ᠵᠥᠪᠳᠡᠯᠴᠡᠭᠡᠳ ᠬᠢᠨᠠᠨ ᠲᠣᠭᠲᠠᠭᠠᠬᠤ᠂ ᠰᠠᠯᠠᠭ᠎ᠠ ᠮᠥᠴᠢᠷ ᠤᠳ ᠬᠤᠭᠤᠷᠤᠨᠳᠤ ᠪᠠᠨ ᠮᠡᠳᠡᠭᠡ ᠵᠠᠩᠭᠢ ᠪᠠᠨ ᠬᠠᠮᠲᠤ ᠪᠠᠷ ᠬᠦᠷᠲᠡᠬᠦ ᠵᠡᠷᠭᠡ ᠠᠵᠢᠯ ᠤᠳ ᠢ ᠰᠠᠶᠢᠲᠤᠷ ᠬᠢᠵᠦ᠂ ᠭᠠᠮᠰᠢᠭᠳᠠᠭᠰᠠᠨ ᠭᠠᠵᠠᠷ ᠣᠷᠣᠨ ᠤ ᠭᠠᠮᠰᠢᠭ ᠤᠨ ᠪᠠᠶᠢᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠵᠢᠴᠢ ᠨᠡᠶᠢᠲᠡᠯᠡᠬᠦ ᠵᠡᠷᠭᠡ ᠲᠠᠯ᠎ᠠ ᠶᠢᠨ ᠠᠵᠢᠯ ᠤᠳ ᠤᠨ ᠲᠠᠰ ᠳᠠᠷᠠᠭᠠᠯᠠᠯ᠂ ᠠᠭᠤᠯᠭ᠎ᠠ ᠶᠢᠨ ᠠᠢ᠂ ᠴᠠᠭ ᠤᠨ ᠬᠢᠵᠠᠭᠠᠷ ᠤᠨ ᠱᠠᠭᠠᠷᠳᠠᠯᠭ᠎ᠠ ᠵᠡᠷᠭᠡ ᠠᠭᠤᠯᠭ᠎ᠠ ᠨᠤᠭᠤᠳ ᠢ ᠭᠤᠣᠯᠳᠠᠯᠭ᠎ᠠ ᠲᠠᠢ ᠵᠢᠷᠤᠮᠵᠢᠭᠤᠯᠤᠨ᠂ ᠭᠠᠮᠰᠢᠭ ᠤᠨ ᠪᠠᠶᠢᠳᠠᠯ ᠢ ᠬᠠᠮᠢᠶᠠᠷᠬᠤ ᠡᠯ᠎ᠡ ᠵᠦᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠵᠢᠷᠤᠮᠵᠢᠭᠤᠯᠵᠤ᠂ ᠣᠷᠣᠨ ᠨᠤᠲᠤᠭ ᠤᠨ ᠭᠠᠮᠰᠢᠭ ᠢ ᠮᠡᠳᠡᠭᠦᠯᠬᠦ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ ᠭᠡᠵᠦ ᠱᠠᠭᠠᠷᠳᠠᠪᠠ ᠃    ᠭᠤᠷᠪᠠ ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠴᠢᠨᠠᠭᠰᠢᠳᠠ ᠤᠯᠠᠮ ᠰᠢᠯᠢᠳᠡᠭᠵᠢᠭᠦᠯᠪᠡ ᠃ ︽ᠪᠡᠯᠡᠳᠬᠡᠯ ᠲᠥᠰᠥᠯ ︾᠎ ᠨᠢ ᠠᠪᠤᠷᠠᠨ ᠲᠤᠰᠠᠯᠠᠬᠤ ᠬᠦᠴᠦᠨ ᠴᠢᠳᠠᠪᠤᠷᠢ ᠪᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠦᠨ ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢ ᠡᠬᠢᠯᠡᠭᠦᠯᠬᠦ ᠨᠥᠬᠦᠴᠡᠯ ᠂ ᠡᠬᠢᠯᠡᠭᠦᠯᠬᠦ ᠲᠠᠰ ᠳᠠᠷᠠᠭᠠᠯᠠᠯ ᠵᠢᠴᠢ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠳᠣᠬᠢᠷᠠᠭᠤᠯᠵᠤ ᠲᠡᠭᠦᠯᠳᠡᠷᠵᠢᠭᠦᠯᠪᠡ ᠃ ᠨᠢᠭᠡ ᠳᠤ ᠂ ᠠᠵᠢᠯᠯᠠᠭ᠎ᠠ ᠶᠢ ᠡᠬᠢᠯᠡᠭᠦᠯᠬᠦ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠶᠢᠨ ᠲᠥᠯᠥᠭᠡ ᠂ ︽ᠪᠡᠯᠡᠳᠬᠡᠯ ᠲᠥᠰᠥᠯ ︾᠎ ᠳᠤ ᠡᠬᠢᠯᠡᠭᠦᠯᠬᠦ ᠨᠥᠬᠦᠴᠡᠯ ᠤᠨ ᠡᠮᠦᠨ᠎ᠡ ︽ᠪᠤᠶᠤ ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠡᠮᠵᠢᠨ ᠢᠯᠡᠷᠡᠵᠦ ᠮᠡᠳᠡᠬᠦ ︾ ᠭᠡᠬᠦ ᠥᠭᠦᠯᠡᠯᠲᠡ ᠶᠢ ᠨᠡᠮᠡᠭᠰᠡᠨ ᠤ ᠵᠣᠷᠢᠯᠭ᠎ᠠ ᠨᠢ ᠳᠠᠷᠤᠢ ᠡᠷᠲᠡᠬᠡᠨ ᠡᠬᠢᠯᠡᠭᠦᠯᠵᠦ ᠂ ᠡᠷᠲᠡᠬᠡᠨ ᠠᠵᠢᠯᠯᠠᠭ᠎ᠠ ᠠᠪᠴᠤ ᠂ ᠡᠷᠲᠡᠬᠡᠨ ᠠᠪᠤᠷᠠᠨ ᠲᠤᠰᠠᠯᠠᠬᠤ ᠶᠢᠨ ᠲᠥᠯᠥᠭᠡ ᠶᠤᠮ ᠃ ᠬᠤᠶᠠᠷ ᠲᠤ ᠂ ᠭᠠᠮᠰᠢᠭ ᠢ ᠠᠷᠭᠠᠴᠠᠨ ᠰᠢᠢᠳᠪᠦᠷᠢᠯᠡᠬᠦ ᠭᠤᠭᠴᠣᠭᠠᠨ ᠳᠤ ᠠᠩᠬᠠᠷᠤᠯ ᠢᠶᠠᠨ ᠲᠥᠪᠯᠡᠷᠡᠭᠦᠯᠵᠦ ᠂ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠵᠢᠮ᠎ᠡ ᠶᠣᠰᠣ ᠪᠠ ᠱᠠᠭᠠᠷᠳᠠᠯᠭ᠎ᠠ ᠶᠣᠰᠣᠭᠠᠷ ᠂ ᠡᠯ᠎ᠡ ᠰᠠᠯᠠᠭ᠎ᠠ ᠮᠥᠴᠢᠷ ᠨᠢᠭᠡᠴᠢ ᠨᠦᠭᠦᠳ ᠤᠨ ᠡᠭᠦᠷᠭᠡ ᠬᠠᠷᠢᠭᠤᠴᠠᠯᠭ᠎ᠠ ᠪᠠ ᠠᠵᠢᠯᠯᠠᠭ᠎ᠠ ᠶᠢᠨ ᠠᠷᠭ᠎ᠠ ᠬᠡᠮᠵᠢᠶ᠎ᠡ ᠶᠢ ᠴᠢᠨᠠᠭᠰᠢᠳᠠ ᠤᠯᠠᠮ ᠲᠡᠭᠦᠯᠳᠡᠷᠵᠢᠭᠦᠯᠦᠨ ᠨᠠᠷᠢᠯᠢᠭᠵᠢᠭᠤᠯᠬᠤ ᠶᠢᠨ ᠬᠠᠮᠲᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠬᠤᠷᠢᠶᠠᠩᠭᠤᠶᠢᠯᠠᠨ ᠲᠥᠷᠥᠯ ᠠᠩᠭᠢᠯᠠᠭᠠᠳ ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠺᠣᠮᠢᠰ ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠡᠭᠦᠷᠭᠡ ᠴᠢᠳᠠᠮᠵᠢ ᠶᠢ ᠨᠠᠩ ᠳᠣᠪᠤᠶᠢᠯᠭᠠᠵᠤ ᠂ ᠡᠯ᠎ᠡ ᠰᠠᠯᠠᠭ᠎ᠠ ᠮᠥᠴᠢᠷ ᠤᠳ ᠤᠨ ᠮᠡᠷᠭᠡᠵᠢᠯ ᠪᠠ ᠠᠵᠢᠯ ᠲᠥᠷᠥᠯ ᠤᠨ ᠳᠠᠪᠠᠭᠤᠯᠢᠭ ᠢ ᠨᠢ ᠨᠠᠩ ᠰᠠᠶᠢᠲᠤᠷ ᠪᠠᠳᠠᠷᠠᠭᠤᠯᠪᠠ ᠃ ᠭᠤᠷᠪᠠ ᠳᠤ ᠂ ᠠᠵᠢᠯᠯᠠᠭ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠳᠣᠬᠢᠷᠠᠭᠤᠯᠵᠤ ᠂ ᠥᠪᠡᠷᠲᠡᠭᠡᠨ ᠵᠠᠰᠠᠬᠤ ᠣᠷᠣᠨ ᠤ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠲᠡᠮᠡᠴᠡᠬᠦ ᠂ ᠭᠠᠵᠠᠷ ᠬᠥᠳᠡᠯᠦᠯᠲᠡ ᠂ ᠭᠠᠵᠠᠷ ᠵᠦᠢ ᠶᠢᠨ ᠭᠠᠢ ᠭᠠᠮᠰᠢᠭ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠳᠤ ᠨᠢᠭᠡᠨᠲᠡ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠡᠬᠢᠯᠡᠭᠦᠯᠦᠭᠰᠡᠨ ᠪᠠᠶᠢᠪᠠᠯ ᠂ ᠶᠡᠷᠦᠩᠬᠡᠶᠢᠯᠡᠨ ᠵᠥᠪᠳᠡᠯᠴᠡᠵᠦ ᠰᠤᠳᠤᠯᠤᠨ ᠮᠠᠭᠠᠳᠯᠠᠬᠤ ᠪᠠᠷ ᠳᠡᠮᠵᠢᠨ ᠂ ᠲᠣᠭᠲᠠᠭᠠᠯ ᠶᠣᠰᠣᠭᠠᠷ ᠭᠠᠮᠰᠢᠭ ᠠᠴᠠ ᠠᠪᠤᠷᠠᠨ ᠲᠤᠰᠠᠯᠠᠬᠤ ᠠᠵᠢᠯᠯᠠᠭ᠎ᠠ ᠪᠠᠨ ᠡᠬᠢᠯᠡᠭᠦᠯᠵᠦ ᠂ ᠭᠠᠮᠰᠢᠭ ᠠᠴᠠ ᠠᠪᠤᠷᠠᠨ ᠲᠤᠰᠠᠯᠠᠬᠤ ᠠᠵᠢᠯᠯᠠᠭ᠎ᠠ ᠪᠠ ᠭᠤᠣᠯ ᠭᠠᠮᠰᠢᠭ ᠤᠨ ᠲᠥᠷᠥᠯ ᠤᠨ ᠡᠯ᠎ᠡ ᠪᠡᠯᠡᠳᠬᠡᠯ ᠲᠥᠰᠥᠯ ᠢ ᠵᠣᠬᠢᠴᠠᠭᠤᠯᠤᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ ᠪᠣᠯᠣᠨ᠎ᠠ ᠃ ᠳᠥᠷᠪᠡ ᠳᠤ ᠂ ᠣᠶᠢᠷ᠎ᠠ ᠶᠢᠨ ᠵᠢᠯ ᠤᠳ ᠲᠠᠬᠢ ᠭᠠᠮᠰᠢᠭ ᠠᠴᠠ ᠠᠪᠤᠷᠠᠨ ᠲᠤᠰᠠᠯᠠᠭᠰᠠᠨ ᠦᠢᠯᠡᠳᠦᠯᠭᠡ ᠪᠠ ᠭᠠᠮᠰᠢᠭᠳᠠᠭᠰᠠᠨ ᠣᠯᠠᠨ ᠲᠦᠮᠡᠨ ᠤ ᠪᠠᠴᠢᠮ ᠬᠡᠷᠡᠭᠴᠡᠭᠡ ᠳᠤ ᠴᠢᠭᠯᠡᠭᠦᠯᠦᠨ ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠥᠭᠬᠦ ᠲᠣᠭᠲᠠᠴᠠ ᠂ ᠭᠠᠮᠰᠢᠭ ᠠᠴᠠ ᠠᠪᠤᠷᠠᠬᠤ ᠠᠮᠢᠳᠤᠷᠠᠯ ᠤᠨ ᠡᠳ᠋ ᠪᠣᠳᠠᠰ ᠢ ᠪᠠᠴᠢᠮ ᠰᠢᠯᠵᠢᠭᠦᠯᠦᠨ ᠥᠭᠬᠦ ᠲᠣᠭᠲᠠᠴᠠ ᠶᠢ ᠪᠠᠶᠢᠭᠤᠯᠵᠤ ᠂ ᠠᠵᠢᠯᠯᠠᠬᠤ ᠳᠤᠭᠤᠶᠢᠯᠠᠩ ᠢ ᠤᠷᠢᠳᠴᠢᠯᠠᠨ ᠲᠣᠮᠢᠯᠠᠵᠤ ᠲᠤᠬᠠᠢ ᠶᠢᠨ ᠭᠠᠵᠠᠷ ᠲᠤ ᠨᠢ ᠵᠢᠭᠠᠨ ᠵᠢᠯᠣᠭᠤᠳᠤᠭᠤᠯᠵᠤ ᠂ ᠲᠥᠪᠯᠡᠷᠡᠭᠦᠯᠦᠨ ᠲᠥᠪᠬᠢᠨᠡᠭᠦᠯᠬᠦ ᠴᠡᠭ ᠤᠨ ᠬᠠᠮᠢᠶᠠᠷᠤᠯᠲᠠ ᠦᠢᠯᠡᠴᠢᠯᠡᠭᠡ ᠶᠢ ᠴᠢᠩᠭᠠᠳᠬᠠᠬᠤ ᠵᠡᠷᠭᠡ ᠪᠣᠳᠠᠲᠠᠢ ᠱᠠᠭᠠᠷᠳᠠᠯᠭ᠎ᠠ ᠨᠤᠭᠤᠳ ᠢ ᠲᠣᠳᠣᠷᠬᠠᠢ ᠲᠣᠭᠲᠠᠭᠠᠪᠠ ᠃    ᠳᠥᠷᠪᠡ ᠂ ᠭᠠᠮᠰᠢᠭ ᠤᠨ ᠳᠠᠷᠠᠭ᠎ᠠ ᠠᠪᠤᠷᠠᠨ ᠲᠤᠰᠠᠯᠠᠬᠤ ᠶᠢ ᠴᠢᠨᠠᠭᠰᠢᠳᠠ ᠤᠯᠠᠮ ᠴᠢᠩᠭᠠᠷᠠᠭᠤᠯᠪᠠ ᠃ ᠨᠢᠭᠡ ᠳᠤ ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠦᠨᠳᠦᠰᠦᠯᠡᠨ ᠂ ︽ᠪᠡᠯᠡᠳᠬᠡᠯ ᠲᠥᠰᠥᠯ ︾᠎ ᠳᠤ ᠰᠢᠯᠵᠢᠯᠲᠡ ᠶᠢᠨ ᠬᠤᠭᠤᠴᠠᠭᠠᠨ ᠳᠠᠬᠢ ᠠᠪᠤᠷᠠᠨ ᠲᠤᠰᠠᠯᠠᠬᠤ ᠬᠥᠮᠥᠨ ᠠᠮᠠ ᠶᠢᠨ ᠬᠡᠪᠴᠢᠶ᠎ᠡ ᠶᠢ ᠥᠷᠭᠡᠳᠬᠡᠨ ᠰᠢᠨᠡᠳᠬᠡᠵᠦ ᠂ ᠠᠪᠤᠷᠠᠨ ᠲᠤᠰᠠᠯᠠᠬᠤ ᠡᠲᠡᠭᠡᠳ ᠤᠨ ᠬᠡᠪᠴᠢᠶ᠎ᠡ ᠶᠢ ᠥᠷᠭᠡᠳᠬᠡᠪᠡ ᠃ ᠬᠤᠶᠠᠷ ᠲᠤ ᠂ ︽ᠪᠡᠯᠡᠳᠬᠡᠯ ᠲᠥᠰᠥᠯ ︾᠎ ᠳᠤ ᠂ ᠬᠤᠳᠠᠯᠳᠤᠭᠠᠨ ᠤ ᠳᠠᠭᠠᠳᠬᠠᠯ ᠤᠨ ᠠᠵᠤ ᠠᠬᠤᠢ ᠶᠢᠨ ᠨᠥᠬᠦᠪᠦᠷᠢ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠬᠦᠨᠳᠦ ᠭᠠᠮᠰᠢᠭᠳᠠᠭᠰᠠᠨ ᠣᠷᠣᠨ ᠰᠠᠭᠤᠴᠠ ᠶᠢᠨ ᠳᠠᠭᠠᠳᠬᠠᠯ ᠵᠡᠷᠭᠡ ᠬᠠᠮᠢᠶ᠎ᠠ ᠪᠦᠬᠦᠢ ᠳᠠᠭᠠᠳᠬᠠᠯ ᠤᠳ ᠢ ᠬᠥᠭᠵᠢᠭᠦᠯᠵᠦ ᠂ ᠵᠠᠬ᠎ᠠ ᠳᠡᠯᠭᠡᠭᠦᠷᠴᠢᠯᠡᠭᠰᠡᠨ ᠳᠠᠬᠢᠨ ᠰᠡᠷᠭᠦᠭᠡᠨ ᠪᠠᠶᠢᠭᠤᠯᠬᠤ ᠪᠡᠯᠡ ᠮᠥᠩᠭᠦᠨ ᠤ ᠲᠣᠭᠲᠠᠴᠠ ᠶᠢ ᠲᠡᠭᠦᠯᠳᠡᠷᠵᠢᠭᠦᠯᠵᠦ ᠂ ᠭᠠᠮᠰᠢᠭᠳᠠᠭᠰᠠᠨ ᠣᠯᠠᠨ ᠲᠦᠮᠡᠨ ᠤ ᠦᠨᠳᠦᠰᠦᠨ ᠣᠷᠣᠨ ᠰᠠᠭᠤᠴᠠ ᠶᠢᠨ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ ᠂ ᠠᠪᠤᠷᠠᠨ ᠲᠤᠰᠠᠯᠠᠬᠤ ᠬᠦᠷᠢᠶ᠎ᠡ ᠪᠠ ᠠᠷᠭ᠎ᠠ ᠵᠠᠮ ᠢᠶᠠᠨ ᠥᠷᠭᠡᠳᠬᠡᠬᠦ ᠶᠢ ᠴᠢᠬᠤᠯᠠᠴᠢᠯᠠᠵᠠᠢ ᠃ ᠭᠤᠷᠪᠠ ᠳᠤ ᠂ ︽ᠪᠡᠯᠡᠳᠬᠡᠯ ᠲᠥᠰᠥᠯ︾᠎ ᠳᠤ ᠰᠢᠯᠵᠢᠯᠲᠡ ᠶᠢᠨ ᠬᠤᠭᠤᠴᠠᠭᠠᠨ ᠳᠠᠬᠢ ᠠᠮᠢᠳᠤᠷᠠᠯ ᠤᠨ ᠠᠪᠤᠷᠠᠨ ᠲᠤᠰᠠᠯᠠᠯᠲᠠ ᠂ ᠨᠤᠷᠠᠭᠰᠠᠨ ᠣᠷᠣᠨ ᠰᠠᠭᠤᠴᠠ ᠶᠢ ᠰᠡᠷᠭᠦᠭᠡᠨ ᠪᠠᠶᠢᠭᠤᠯᠬᠤ ᠠᠪᠤᠷᠠᠨ ᠲᠤᠰᠠᠯᠠᠯᠲᠠ ᠂ ᠡᠪᠦᠯ ᠬᠠᠪᠤᠷ ᠤᠨ ᠠᠪᠤᠷᠠᠨ ᠲᠤᠰᠠᠯᠠᠯᠲᠠ ᠵᠡᠷᠭᠡ ᠡᠯ᠎ᠡ ᠲᠦᠷᠦᠯ ᠤᠨ ᠠᠪᠤᠷᠠᠨ ᠲᠤᠰᠠᠯᠠᠬᠤ ᠬᠡᠪᠴᠢᠶ᠎ᠡ ᠂ ᠠᠪᠤᠷᠠᠨ ᠲᠤᠰᠠᠯᠠᠬᠤ ᠲᠡᠰ ᠳᠠᠷᠠᠭᠠᠯᠠᠯ ᠂ ᠠᠪᠤᠷᠠᠨ ᠲᠤᠰᠠᠯᠠᠬᠤ ᠱᠠᠭᠠᠷᠳᠠᠯᠭ᠎ᠠ ᠵᠡᠷᠭᠡ ᠶᠢ ᠲᠣᠳᠣᠷᠬᠠᠶᠢᠯᠠᠵᠤ ᠂ ᠡᠯ᠎ᠡ ᠲᠦᠷᠦᠯ ᠤᠨ ᠠᠪᠤᠷᠠᠨ ᠲᠤᠰᠠᠯᠠᠬᠤ ᠲᠡᠰ ᠳᠠᠷᠠᠭᠠᠯᠠᠯ ᠪᠠ ᠱᠠᠭᠠᠷᠳᠠᠯᠭ᠎ᠠ ᠶᠢ ᠴᠢᠨᠠᠭᠰᠢᠳᠠ ᠤᠯᠠᠮ ᠵᠢᠷᠤᠮᠵᠢᠭᠤᠯᠪᠠ ᠃ ᠳᠥᠷᠪᠡ ᠳᠤ ᠂ ︽ᠪᠡᠯᠡᠳᠬᠡᠯ ᠲᠥᠰᠥᠯ ︾᠎ ᠳᠤ ᠦᠷ᠎ᠡ ᠪᠦᠲᠦᠮᠵᠢ ᠶᠢ ᠮᠥᠷᠳᠡᠨ ᠠᠰᠠᠭᠤᠬᠤ ᠪᠠ ᠦᠷ᠎ᠡ ᠳ᠋ᠦᠩ ᠢ ᠵᠠᠷᠯᠠᠨ ᠮᠡᠳᠡᠭᠳᠡᠬᠦ ᠶᠢ ᠴᠢᠬᠤᠯᠠᠴᠢᠯᠠᠵᠤ ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ ᠲᠣᠭᠲᠠᠴᠠ ᠶᠢ ᠲᠣᠳᠣᠷᠬᠠᠶᠢᠯᠠᠨ ᠂ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠷᠠᠭᠤᠯᠵᠤ ᠂ ᠪᠠᠶᠢᠳᠠᠯ ᠢ ᠦᠵᠡᠵᠦ ᠪᠠᠶᠢᠭᠠᠳ ᠠᠪᠤᠷᠠᠨ ᠲᠤᠰᠠᠯᠠᠬᠤ ᠠᠵᠢᠯ ᠥᠷᠨᠢᠭᠦᠯᠦᠭᠰᠡᠨ ᠪᠠᠶᠢᠳᠠᠯ ᠢ ᠮᠡᠳᠡᠭᠡᠯᠡᠵᠦ ᠂ ᠭᠠᠮᠰᠢᠭ ᠤᠨ ᠳᠠᠷᠠᠭᠠᠬᠢ ᠠᠪᠤᠷᠠᠨ ᠲᠤᠰᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠪᠠ ᠃ᠲᠠᠪᠤ ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠪᠠᠨ ᠴᠢᠨᠠᠭᠰᠢᠳᠠ ᠤᠯᠠᠮ ᠨᠠᠷᠢᠯᠢᠭᠵᠢᠭᠤᠯᠪᠠ ᠃ ᠵᠢᠱᠢᠶᠡᠯᠡᠪᠡᠯ ᠪᠡᠯᠡ ᠮᠦᠩᠭᠦᠨ ᠤ ᠪᠠᠲᠤᠯᠠᠭ᠎ᠠ ᠶᠢᠨ ᠲᠠᠯ᠎ᠠ ᠪᠠᠷ ᠂ ᠭᠠᠮᠰᠢᠭ ᠠᠴᠠ ᠠᠪᠤᠷᠠᠬᠤ ᠪᠡᠯᠡ ᠮᠥᠩᠭᠦ ᠶᠢ ᠲᠦᠷᠭᠡᠨ ᠬᠠᠷᠭᠤᠭᠤᠯᠤᠨ ᠥᠭᠬᠦ ᠲᠣᠭᠲᠠᠴᠠ ᠪᠠ ᠤᠷᠢᠳᠴᠢᠯᠠᠨ ᠰᠠᠯᠭᠠᠨ ᠥᠭᠴᠦ ᠢᠯᠭᠠᠷᠠᠭᠤᠯᠤᠨ ᠪᠣᠳᠣᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠳᠤᠷᠠᠳᠴᠠᠢ︔ ᠡᠳ᠋ ᠪᠣᠳᠠᠰ ᠤᠨ ᠪᠠᠲᠤᠯᠠᠭ᠎ᠠ ᠶᠢᠨ ᠲᠠᠯ᠎ᠠ ᠪᠠᠷ ᠂ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡ ᠶᠢᠨ ᠬᠥᠮᠥᠷᠭᠡ ᠪᠠ ᠦᠢᠯᠡᠳᠪᠦᠷᠢᠯᠡᠬᠦ ᠴᠢᠳᠠᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ ᠂ ᠨᠥᠭᠡᠴᠡᠯᠡᠬᠦ ᠨᠥᠭᠦᠴᠡᠯ ᠪᠠ ᠪᠡᠯᠡᠳᠬᠡᠮᠵᠢ ᠶᠢᠨ ᠴᠢᠳᠠᠮᠵᠢ ᠶᠢ ᠲᠡᠭᠦᠯᠳᠡᠷᠵᠢᠭᠦᠯᠵᠦ᠂ ᠨᠥᠭᠡᠴᠡᠯᠡᠬᠦ ᠴᠢᠳᠠᠪᠤᠷᠢ ᠶᠢ ᠳᠡᠭᠡᠭᠰᠢᠯᠡᠭᠦᠯᠦᠨ ᠂ ᠲᠤᠰ ᠵᠠᠰᠠᠭ ᠵᠠᠬᠢᠷᠭᠠᠨ ᠤ ᠣᠷᠣᠨ ᠤ ᠭᠠᠮᠰᠢᠭ ᠠᠴᠠ ᠠᠪᠤᠷᠠᠬᠤ ᠡᠳ᠋ ᠪᠣᠳᠠᠰ ᠤᠨ ᠨᠥᠭᠡᠴᠡᠯᠡᠯᠲᠡ ᠪᠠ ᠪᠠᠲᠤᠯᠠᠭ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ ᠂ ᠭᠠᠮᠰᠢᠭ ᠠᠴᠠ ᠠᠪᠤᠷᠠᠬᠤ ᠡᠳ᠋ ᠪᠣᠳᠠᠰ ᠢ ᠪᠠᠴᠢᠮ ᠰᠢᠯᠵᠢᠭᠦᠯᠦᠨ ᠥᠭᠬᠦ ᠪᠠ ᠲᠡᠭᠡᠭᠡᠪᠦᠷᠢᠯᠡᠬᠦ ᠳᠦᠷᠢᠮ ᠂ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠣᠣᠷ᠎ᠠ ᠲᠥᠪᠯᠡᠷᠡᠭᠦᠯᠦᠨ ᠦᠢᠯᠡᠳᠪᠦᠷᠢᠯᠡᠵᠦ ᠲᠣᠬᠢᠷᠠᠭᠤᠯᠬᠤ ᠪᠠ ᠪᠠᠴᠢᠮ ᠬᠤᠳᠠᠯᠳᠤᠨ ᠠᠪᠴᠤ ᠬᠠᠩᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠶᠢ ᠴᠢᠬᠤᠯᠠᠴᠢᠯᠠᠪᠠ︔ ᠴᠢᠮᠡᠭᠡ ᠬᠤᠯᠪᠣᠭ᠎ᠠ ᠪᠠ ᠮᠡᠳᠡᠭᠡ ᠵᠠᠩᠭᠢ ᠶᠢᠨ ᠪᠠᠲᠤᠯᠠᠭ᠎ᠠ ᠶᠢᠨ ᠲᠠᠯ᠎ᠠ ᠪᠠᠷ ᠂ ᠴᠢᠮᠡᠭᠡ ᠬᠤᠯᠪᠣᠭ᠎ᠠ ᠰᠦᠯᠵᠢᠶᠡᠨ ᠤ ᠭᠠᠮᠰᠢᠭ ᠲᠤ ᠲᠡᠰᠪᠦᠷᠢᠲᠡᠢ ᠴᠢᠨᠠᠷ ᠢ ᠰᠠᠶᠢᠵᠢᠷᠠᠭᠤᠯᠵᠤ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭᠠᠨ ᠤ ᠲᠣᠨᠤᠭ ᠲᠥᠬᠦᠭᠡᠷᠦᠮᠵᠢ ᠶᠢ ᠤᠷᠢᠳᠴᠢᠯᠠᠨ ᠲᠣᠬᠢᠷᠠᠭᠤᠯᠬᠤ ᠶᠢ ᠴᠢᠩᠭᠠᠳᠬᠠᠨ ᠂ ᠭᠠᠮᠰᠢᠭᠳᠠᠭᠰᠠᠨ ᠭᠠᠵᠠᠷ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠴᠢᠮᠡᠭᠡ ᠬᠤᠯᠪᠣᠭ᠎ᠠ ᠶᠢ ᠲᠦᠷᠭᠡᠨ ᠨᠡᠪᠲᠡᠷᠡᠭᠦᠯᠬᠦ᠂ ᠨᠡᠪᠲᠡᠷᠡᠭᠦᠯᠬᠦ ᠶᠢ ᠪᠠᠲᠤᠯᠠᠬᠤ᠂ ᠰᠠᠭᠠᠳ ᠦᠭᠡᠢ ᠨᠡᠪᠲᠡᠷᠡᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠳᠤᠷᠠᠳᠴᠠᠢ︔ ᠲᠣᠨᠤᠭ ᠲᠥᠬᠦᠭᠡᠷᠦᠮᠵᠢ ᠪᠠ ᠪᠡᠯᠡᠳᠬᠡᠮᠵᠢ ᠶᠢᠨ ᠪᠠᠲᠤᠯᠠᠭ᠎ᠠ ᠶᠢᠨ ᠲᠠᠯ᠎ᠠ ᠪᠠᠷ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠠ ᠣᠷᠣᠨ ᠨᠤᠲᠤᠭ ᠤᠨ ᠨᠠᠮ ᠤᠨ ᠬᠤᠷᠢᠶ᠎ᠠ ᠂ ᠵᠠᠰᠠᠭ ᠤᠨ ᠣᠷᠳᠣᠨ ᠦᠨᠳᠦᠰᠦᠨ ᠱᠠᠲᠤᠨ ᠤ ᠭᠠᠮᠰᠢᠭ ᠠᠴᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠬᠤ ᠠᠵᠢᠯ ᠢ ᠴᠢᠩᠭᠠᠳᠬᠠᠬᠤ ᠂ ᠦᠨᠳᠦᠰᠦᠨ ᠱᠠᠲᠤᠨ ᠤ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠲᠣᠳᠣᠷᠬᠠᠶᠢᠯᠠᠪᠠ ᠃    ︽ᠪᠡᠯᠡᠳᠬᠡᠯ ᠲᠥᠰᠥᠯ ︾᠎ ᠢ ᠬᠡᠷᠡᠭᠵᠢᠭᠦᠯᠬᠦ ᠶᠠᠪᠤᠴᠠ ᠳᠤ ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢᠭᠡᠴᠢ ᠪᠣᠳᠠᠲᠤ ᠪᠠᠶᠢᠳᠠᠯ ᠢᠶᠠᠨ ᠦᠨᠳᠦᠰᠦᠯᠡᠨ ︽ᠪᠡᠯᠡᠳᠬᠡᠯ ᠲᠥᠰᠥᠯ︾᠎ ᠤᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯ ᠤᠨ ᠭᠠᠷ ᠤᠨ ᠠᠪᠤᠯᠭ᠎ᠠ ᠂ ᠠᠵᠢᠯᠯᠠᠭᠠᠨ ᠤ ᠲᠥᠰᠥᠯ ᠵᠡᠷᠭᠡ ᠶᠢ ᠲᠣᠭᠲᠠᠭᠠᠨ ᠨᠠᠶᠢᠳᠠᠪᠤᠷᠢᠵᠢᠭᠤᠯᠵᠤ ᠪᠣᠯᠣᠨ᠎ᠠ ᠂ ᠲᠡᠷᠡᠴᠢᠯᠡᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠡᠯ᠎ᠡ ᠭᠠᠵᠠᠷ ᠣᠷᠣᠨ ︽ ᠪᠡᠯᠡᠳᠬᠡᠯ ᠲᠥᠰᠥᠯ ︾᠎ ᠢ ᠦᠨᠳᠦᠰᠦᠯᠡᠨ ᠲᠤᠰ ᠱᠠᠲᠤᠨ ᠤ ᠪᠠᠨ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠳᠤ ᠵᠠᠰᠠᠪᠤᠷᠢ ᠣᠷᠣᠭᠤᠯᠬᠤ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠨᠢ ᠡᠯ᠎ᠡ ᠱᠠᠲᠤᠨ ᠤ ᠪᠠᠶᠢᠭᠠᠯᠢ ᠶᠢᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠵᠢᠯᠣᠭᠤᠳᠤᠨ ᠪᠠᠶᠢᠴᠠᠭᠠᠬᠤ ᠪᠠᠨ ᠴᠢᠩᠭᠠᠳᠬᠠᠵᠤ ᠂ ᠪᠡᠯᠡᠳᠬᠡᠯ ᠲᠥᠰᠥᠯ ᠢ ᠬᠥᠳᠡᠯᠦᠩᠭᠦᠢ ᠪᠠᠷ ᠲᠡᠭᠦᠯᠳᠡᠷᠵᠢᠭᠦᠯᠬᠦ ᠶᠢ ᠰᠢᠮᠳᠠᠭᠤᠯᠵᠤ ᠂ ᠳᠡᠭᠡᠳᠦ ᠳᠣᠣᠷᠠᠳᠤ ᠱᠠᠲᠤ ᠪᠠᠷ ᠢᠶᠠᠨ ᠬᠠᠮᠵᠢᠯᠴᠠᠭᠰᠠᠨ ᠂ ᠡᠮᠬᠢ ᠵᠢᠷᠤᠮ ᠲᠠᠢ ᠵᠣᠯᠭᠠᠭᠤᠯᠤᠭᠰᠠᠨ ᠭᠠᠮᠰᠢᠭ ᠠᠴᠠ ᠠᠪᠤᠷᠠᠨ ᠲᠤᠰᠠᠯᠠᠬᠤ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠤᠨ ᠲᠣᠭᠲᠠᠯᠴᠠᠭ᠎ᠠ ᠶᠢ ᠪᠠᠶᠢᠭᠤᠯᠬᠤ ᠪᠠᠨ ᠠᠬᠢᠭᠤᠯᠵᠤ ᠂ ᠭᠠᠮᠰᠢᠭ ᠠᠴᠠ ᠠᠪᠤᠷᠠᠨ ᠲᠤᠰᠠᠯᠠᠬᠤ ᠠᠵᠢᠯ ᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠪᠣᠯᠣᠨ᠎ᠠ ᠃ 
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2