| | | | | | | | | 7 ᠰᠠᠷ᠎ᠠ ᠶᠢᠨ 18 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠢᠳᠡᠭᠡᠨ ᠪᠠ ᠡᠮ ᠤᠨ ᠵᠦᠢᠯᠡᠰ ᠤᠨ ᠠᠮᠤᠷ | ᠲᠦᠪᠰᠢᠨ ᠤ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠵᠠᠩ ᠶᠦᠩ ᠸᠧᠨ ᠠᠮᠲᠠᠲᠤ ᠢᠳᠡᠭᠡᠨ ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ ᠲᠤ ᠬᠦᠷᠴᠦ᠂ ᠬᠦᠷᠢᠶᠡᠯᠡᠩ | ᠲᠣᠭᠤᠷᠢᠭ ᠤᠨ ᠢᠳᠡᠭᠡᠨ ᠦᠢᠯᠡᠳᠪᠦᠷᠢᠯᠡᠵᠦ ᠡᠳ᠋ᠰᠢᠭᠦᠯᠬᠦ ᠦᠢᠯᠡᠳᠪᠦᠷᠢ ᠶᠢᠨ ᠲᠠᠰᠤᠭ᠂ ᠬᠢᠨᠠᠨ ᠡᠵᠡᠮᠳᠡᠬᠦ ᠲᠠᠰᠤᠭ᠂ | ᠲᠦᠷᠭᠡᠨ ᠪᠠᠶᠢᠴᠠᠭᠠᠬᠤ ᠲᠠᠰᠤᠭ ᠵᠡᠷᠭᠡ ᠭᠠᠵᠠᠷ ᠲᠤ ᠬᠦᠷᠴᠦ᠂ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠢ ᠰᠠᠨᠠᠯ ᠢᠶᠠᠨ | ᠭᠦᠨᠵᠡᠭᠡᠢ ᠰᠣᠯᠢᠯᠴᠠᠵᠤ᠂ ᠢᠳᠡᠭᠡᠨ ᠤ ᠦᠢᠯᠡᠳᠪᠦᠷᠢᠯᠡᠯ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ | ᠡᠳ᠋ᠰᠢᠭᠦᠯᠬᠦ ᠤᠷᠠᠯᠠᠯ᠂ ᠶᠠᠰᠤ ᠴᠢᠨᠠᠷ ᠤᠨ ᠬᠠᠮᠢᠶᠠᠷᠤᠯᠲᠠ ᠡᠵᠡᠮᠳᠡᠯ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ | ᠢᠳᠡᠭᠡᠨ ᠤ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠡᠳ᠋ᠰᠢᠭᠦᠯᠬᠦ᠂ ᠬᠠᠳᠠᠭᠠᠯᠠᠬᠤ᠂ ᠦᠢᠯᠡᠳᠬᠦᠨ ᠢ ᠰᠢᠯᠭᠠᠨ | ᠪᠠᠶᠢᠴᠠᠭᠠᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ | ᠵᠠᠩ ᠶᠦᠩ ᠸᠧᠨ ᠬᠡᠯᠡᠭᠰᠡᠨ ᠨᠢ᠂ ᠢᠳᠡᠭᠡᠨ ᠤ ᠠᠮᠤᠷ ᠲᠦᠪᠰᠢᠨ ᠨᠢ ᠠᠷᠠᠳ ᠤᠯᠠᠨ ᠤ ᠪᠡᠶ᠎ᠡ ᠮᠠᠬᠠᠪᠣᠳ ᠤᠨ | ᠡᠷᠡᠭᠦᠯ ᠮᠡᠨᠳᠦ ᠪᠣᠯᠤᠨ ᠠᠮᠢ ᠨᠠᠰᠤᠨ ᠤ ᠠᠮᠤᠷ ᠲᠦᠪᠰᠢᠨ ᠲᠠᠢ ᠬᠤᠯᠪᠣᠭᠳᠠᠨ᠎ᠠ᠂ ᠢᠳᠡᠭᠡᠨ ᠤ ᠠᠮᠤᠷ ᠲᠦᠪᠰᠢᠨ ᠤ | ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠶᠢ ᠵᠢᠷᠤᠮᠵᠢᠭᠤᠯᠵᠤ᠂ ᠲᠦᠭᠦᠬᠡᠢ ᠮᠠᠲ᠋ᠧᠷᠢᠶᠠᠯ ᠬᠤᠳᠠᠯᠳᠤᠨ ᠠᠪᠬᠤ᠂ ᠦᠢᠯᠡᠳᠬᠦᠨ ᠢ ᠡᠳ᠋ᠰᠢᠭᠦᠯᠬᠦ᠂ | ᠢᠳᠡᠭᠡᠨ ᠢ ᠬᠠᠳᠠᠭᠠᠯᠠᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠳᠬᠤᠵᠤ᠂ ᠠᠮᠤᠷ ᠲᠦᠪᠰᠢᠨ ᠤ | ᠬᠠᠮᠢᠶᠠᠷᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠢᠳᠡᠭᠡᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠡᠬᠢ ᠡᠭᠦᠰᠦᠯ ᠠᠴᠠ ᠨᠢ ᠪᠠᠬᠢᠵᠢᠭᠦᠯᠬᠦ ᠬᠡᠷᠡᠭᠲᠡᠢ᠃ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠤᠨ ᠬᠠᠮᠢᠶᠠᠷᠤᠯᠲᠠ ᠪᠣᠯᠤᠨ ᠠᠵᠢᠯ ᠡᠷᠬᠢᠯᠡᠭᠰᠡᠳ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠠᠵᠢᠯ | ᠲᠦᠷᠦᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠠᠵᠢᠯ ᠢ ᠨᠠᠷᠢᠨ ᠴᠢᠩᠭ᠎ᠠ ᠰᠠᠶᠢᠲᠤᠷ ᠬᠢᠵᠦ᠂ ᠢᠳᠡᠭᠡᠨ ᠤ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠭᠡᠮ ᠰᠣᠭᠤᠭ ᠢ ᠤᠨᠢᠨ ᠳᠡᠭᠡᠷ᠎ᠡ ᠨᠢ ᠰᠡᠷᠭᠡᠶᠢᠯᠡᠨ ᠠᠷᠢᠯᠭᠠᠬᠤ ᠬᠡᠷᠡᠭᠲᠡᠢ᠃ | ᠵᠠᠩ ᠶᠦᠩ ᠸᠧᠨ ᠭᠦᠸᠧ ᠳ᠋ᠠ ᠡᠮ ᠤᠨ ᠳᠡᠯᠭᠡᠭᠦᠷ ᠤᠨ ᠰᠢᠨ᠎ᠡ ᠲᠣᠭᠤᠷᠢᠭ ᠤᠨ ᠭᠤᠷᠪᠠᠳᠤᠭᠠᠷ ᠳᠡᠯᠭᠡᠭᠦᠷ᠂ | ᠥᠪᠥᠷ ᠮᠣᠩᠭᠤᠯ ᠤᠨ ᠷᠧᠨ ᠽᠧ ᠡᠮ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ | ᠬᠦᠷᠴᠦ᠂ ᠠᠵᠤ ᠠᠬᠤᠶᠢᠯᠠᠯ ᠤᠨ ᠬᠥᠭᠵᠢᠯᠲᠡ᠂ ᠦᠢᠯᠡᠳᠬᠦᠨ ᠤ ᠰᠤᠳᠤᠯᠤᠨ ᠨᠡᠭᠡᠭᠡᠯᠲᠡ ᠵᠢᠴᠢ ᠬᠥᠭᠵᠢᠯᠲᠡ ᠶᠢᠨ | ᠲᠥᠯᠥᠪᠵᠢᠭᠦᠯᠭᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠮ ᠤᠨ ᠵᠦᠢᠯ ᠢ ᠪᠠᠷᠠᠭ᠎ᠠ | ᠣᠷᠣᠭᠤᠯᠤᠨ ᠪᠣᠷᠣᠯᠠᠭᠤᠯᠬᠤ᠂ ᠡᠮ ᠤᠨ ᠵᠦᠢᠯ ᠤᠨ ᠠᠮᠤᠷ ᠲᠦᠪᠰᠢᠨ ᠤ ᠲᠦᠷᠢᠮ ᠢ ᠨᠠᠶᠢᠳᠠᠪᠤᠷᠢᠵᠢᠭᠤᠯᠤᠭᠰᠠᠨ | ᠵᠡᠷᠭᠡ ᠬᠠᠮᠢᠶ᠎ᠠ ᠪᠥᠬᠦᠶ ᠪᠠᠶᠢᠳᠠᠯ ᠢ ᠨᠠᠷᠢᠨ ᠠᠰᠠᠭᠤᠪᠠ᠃ | ᠵᠠᠩ ᠶᠦᠩ ᠸᠧᠨ ᠴᠢᠬᠤᠯᠠᠴᠢᠯᠠᠭᠰᠠᠨ ᠨᠢ᠂ ᠡᠮ ᠤᠨ ᠵᠦᠢᠯᠡᠰ ᠤᠨ ᠡᠵᠡᠩᠨᠡᠯᠲᠡ ᠶᠢᠨ ᠠᠵᠤ ᠠᠬᠤᠶᠢᠯᠠᠯ ᠶᠠᠰᠤ | ᠴᠢᠨᠠᠷ ᠤᠨ ᠠᠮᠤᠷ ᠲᠦᠪᠰᠢᠨ ᠢ ᠠᠵᠤ ᠠᠬᠤᠶᠢᠯᠠᠯ ᠤᠨ ᠣᠷᠣᠰᠢᠨ ᠲᠣᠭᠲᠠᠨᠢᠵᠤ ᠬᠥᠭᠵᠢᠬᠦ ᠶᠢᠨ ᠲᠡᠷᠢᠭᠦᠨ | ᠪᠠᠶᠢᠷᠢᠨ ᠳᠤ ᠲᠠᠯᠪᠢᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠠᠤᠯᠢ ᠴᠠᠭᠠᠵᠠ | ᠬᠠᠤᠯᠢ ᠲᠣᠭᠲᠠᠭᠠᠯ ᠢ ᠴᠢᠩᠭ᠎ᠠ ᠰᠠᠬᠢᠵᠤ᠂ ᠡᠵᠡᠩᠨᠡᠯᠲᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠡᠮ ᠤᠨ | ᠵᠦᠢᠯᠡᠰ ᠤᠨ ᠶᠠᠰᠤ ᠴᠢᠨᠠᠷ ᠪᠣᠯᠤᠨ ᠡᠮ ᠤᠨ ᠵᠦᠢᠯᠡᠰ ᠤᠨ ᠦᠨ᠎ᠡ ᠬᠠᠩᠰᠢ ᠶᠢ ᠦᠨᠡᠨ ᠬᠦ ᠪᠠᠲᠤᠯᠠᠵᠤ᠂ ᠡᠮ ᠤᠨ | ᠵᠦᠢᠯᠡᠰ ᠤᠨ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ | ᠪᠣᠳᠠᠲᠠᠢ ᠠᠳᠬᠤᠵᠤ᠂ ᠡᠮ ᠤᠨ ᠵᠦᠢᠯᠡᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ | ᠴᠣᠭᠴᠠᠯᠠᠬᠤ ᠬᠡᠷᠡᠭᠲᠡᠢ᠃ ᠦᠢᠯᠡᠳᠬᠦᠨ ᠢ ᠰᠤᠳᠤᠯᠤᠨ ᠨᠡᠭᠡᠭᠡᠬᠦ ᠪᠠ ᠵᠠᠬ᠎ᠠ ᠳᠡᠯᠭᠡᠭᠦᠷ ᠢ ᠳᠡᠯᠭᠡᠷᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠶᠠᠰᠤ ᠴᠢᠨᠠᠷ ᠢ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ᠂ ᠦᠨᠡᠨᠴᠢ ᠢᠲᠡᠭᠡᠮᠵᠢ ᠶᠢᠨ | ᠤᠬᠠᠮᠰᠠᠷ ᠪᠠ ᠶᠠᠰᠤ ᠴᠢᠨᠠᠷ ᠤᠨ ᠨᠢᠭᠡᠳᠦᠭᠡᠷ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠬᠠᠤᠯᠢ ᠲᠣᠭᠲᠠᠭᠠᠯ ᠳᠤ | ᠨᠡᠶᠢᠴᠡᠭᠦᠯᠦᠨ ᠡᠵᠡᠩᠨᠡᠬᠦ ᠶᠢ ᠦᠷᠭᠦᠯᠵᠢᠯᠡᠨ ᠪᠠᠲᠤᠯᠠᠵᠤ᠂ ᠠᠷᠠᠳ ᠣᠯᠠᠨ ᠤ ᠡᠮ ᠬᠡᠷᠡᠭᠯᠡᠬᠦ ᠠᠮᠤᠷ ᠲᠦᠪᠰᠢᠨ ᠢ ᠪᠥᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ᠃ | ᠵᠠᠩ ᡁᠢ ᠷᠦᠩ᠂ ᠵᠠᠩ ᠬᠤᠩ ᠪᠥᠸᠧ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | |