| | 7 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ | ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠲᠤᠰᠬᠠᠶ ᠰᠡᠳᠦᠪᠲᠦ ᠬᠤᠷᠠᠯ ᠢ ᠡᠷᠭᠢᠯᠡᠨ | ᠬᠤᠷᠠᠯᠳᠤᠭᠤᠯᠵᠤ᠂ ᠵᠢᠨᠢᠩ ᠲᠣᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠬᠤᠷᠠᠯ ᠠᠴᠠ ᠬᠤᠳᠠ ᠶᠢᠨ ᠨᠠᠮ ᠤᠨ | ᠬᠤᠷᠢᠶᠠᠨ ᠤ ᠱᠦᠵᠢ ᠰᠦᠢ ᠸᠧᠢ ᠵᠢᠶᠦ᠋ᠨ ᠤ ᠵᠢᠨᠢᠩ ᠲᠣᠭᠤᠷᠢᠭ ᠤᠨ ᠭᠡᠷ ᠪᠠᠶᠢᠰᠢᠩ ᠭᠠᠵᠠᠷ ᠬᠦᠷᠦᠩᠭᠡ ᠶᠢᠨ | ᠬᠦᠷᠢᠶᠡᠨ ᠤ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠪᠣᠯᠤᠨ ᠲᠤᠬᠠᠢ ᠶᠢᠨ ᠲᠠᠯᠠᠪᠠᠢ ᠶᠢᠨ ᠠᠵᠢᠯ ᠤᠨ ᠬᠤᠷᠠᠯ ᠳᠤ | ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ | ᠤᠶᠢᠷ᠎ᠠ ᠶᠢᠨ ᠬᠤᠭᠤᠴᠠᠭᠠᠨ ᠤ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ᠲᠡᠦᠬᠡ ᠶᠢᠨ | ᠦᠯᠡᠳᠡᠭᠳᠡᠯ ᠠᠰᠠᠭᠤᠳᠠᠯ ᠢ ᠰᠢᠢᠳᠪᠦᠷᠢᠯᠡᠬᠦ ᠪᠦᠬᠦᠯᠢ ᠴᠣᠭᠴᠠ ᠶᠢᠨ ᠠᠬᠢᠭᠤᠯᠤᠭᠰᠠᠨ ᠪᠠᠶᠢᠳᠠᠯ ᠢ ᠰᠣᠨᠣᠰᠪᠠ︔ | ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠲᠤᠰ ᠲᠤᠰ ᠤᠨ ᠳᠠᠭᠠᠭᠠᠴᠢᠯᠠᠨ ᠬᠠᠷᠢᠯᠴᠠᠬᠤ ᠲᠦᠷᠦᠯ ᠵᠦᠢᠯ ᠢ | ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠭᠰᠡᠨ ᠪᠥᠭᠡᠳ ᠳᠠᠷᠠᠭᠠᠴᠢ ᠶᠢᠨ ᠠᠯᠬᠤᠮ ᠤᠨ | ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ | ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢ ᠡᠷᠬᠢᠮᠯᠡᠬᠦ᠂ ᠠᠷᠠᠳ ᠤᠨ | ᠠᠮᠢᠳᠤᠷᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠦᠨᠳᠦᠷᠴᠡ ᠠᠴᠠ ᠠᠷᠠᠳ ᠲᠦᠮᠡᠨ ᠤ ᠠᠰᠢᠭ ᠲᠤᠰᠠ ᠶᠢ | ᠳᠡᠭᠡᠳᠦᠯᠡᠬᠦ ᠶᠢ ᠪᠠᠷᠢᠮᠲᠠᠯᠠᠵᠤ᠂ ᠬᠦᠴᠢᠷ ᠢ ᠲᠤᠭᠤᠯᠤᠨ᠂ ᠪᠤᠭᠤᠮᠳᠠ ᠰᠢᠪᠳᠤᠯᠵᠤ ᠪᠡᠷᠬᠡ ᠶᠢ ᠳᠠᠪᠠᠭ᠋ᠤ ᠴᠤᠭ | ᠰᠦᠯᠳᠡ ᠪᠠᠨ ᠪᠠᠳᠠᠷᠠᠭᠤᠯᠵᠤ᠂ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠤ ᠲᠡᠦᠬᠡ ᠶᠢᠨ ᠦᠯᠡᠳᠡᠭᠳᠡᠯ | ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠬᠦ ᠳᠡᠭᠡᠷ᠎ᠡ ᠦᠨᠡᠨ ᠬᠦ ᠬᠦᠴᠦ ᠣᠷᠣᠭᠤᠯᠵᠤ᠂ ᠦᠨᠡᠨ | ᠪᠣᠳᠠᠲᠠᠢ ᠠᠵᠢᠯᠯᠠᠬᠤ ᠬᠡᠷᠡᠭᠲᠡᠢ᠃ ᠬᠦᠴᠢᠷᠳᠡᠯ ᠳᠤ ᠰᠢᠭᠤᠳ ᠬᠠᠨᠳᠤᠵᠤ᠂ ᠰᠠᠨᠠᠭᠠᠴᠢᠯᠠᠭ᠎ᠠ ᠠᠴᠠ ᠪᠠᠨ ᠭᠠᠷᠳᠠᠵᠤ᠂ | ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠠᠵᠢᠯᠯᠠᠵᠤ᠂ ᠪᠡᠯᠡ ᠮᠥᠩᠭᠦ ᠶᠢᠨ ᠪᠠᠲᠤᠯᠠᠭ᠎ᠠ᠂ ᠰᠠᠭᠤᠷᠢ | ᠲᠥᠬᠦᠭᠡᠷᠦᠮᠵᠢ ᠶᠢ ᠢᠵᠢ ᠪᠦᠷᠢᠳᠦᠭᠦᠯᠬᠦ ᠵᠡᠷᠭᠡ ᠬᠦᠴᠢᠷ ᠠᠰᠠᠭᠤᠳᠠᠯ᠂ ᠲᠦᠭᠵᠢᠷᠡᠯ ᠤᠨ ᠠᠰᠠᠭᠤᠳᠠᠯ ᠢ | ᠵᠣᠬᠢᠴᠠᠭᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠡᠷᠲᠡᠬᠡᠨ ᠠᠵᠢᠯ ᠢᠶᠠᠨ ᠳᠠᠭᠤᠰᠬᠠᠵᠤ ᠭᠡᠷ ᠪᠠᠶᠢᠰᠢᠩ | ᠲᠤᠰᠢᠶᠠᠬᠤ ᠶᠢ ᠪᠠᠲᠤᠯᠠᠬᠤ ᠬᠡᠷᠡᠭᠲᠡᠢ᠃ ᠡᠯ᠎ᠡ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠬᠠᠤᠯᠢ ᠲᠣᠭᠲᠠᠭᠠᠯ ᠶᠣᠰᠣᠭᠠᠷ ᠪᠠᠶᠢᠬᠤ ᠵᠠᠷᠴᠢᠮ ᠢ ᠪᠠᠷᠢᠮᠲᠠᠯᠠᠵᠤ᠂ | ᠠᠰᠠᠭᠤᠳᠠᠯ ᠢ ᠰᠢᠢᠳᠪᠦᠷᠢᠯᠡᠬᠦ ᠠᠷᠭ᠎ᠠ ᠵᠠᠮ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠴᠠᠭ ᠤᠨ ᠳᠠᠷᠠᠭᠠᠯᠠᠯ ᠤᠨ | ᠠᠬᠢᠴᠠ ᠪᠠᠷ ᠭᠡᠷ ᠪᠠᠶᠢᠰᠢᠩ ᠭᠠᠵᠠᠷ ᠬᠦᠷᠦᠩᠭᠡ ᠶᠢᠨ ᠬᠦᠷᠢᠶᠡᠨ ᠳᠠᠬᠢ ᠲᠡᠦᠬᠡᠨ ᠠᠴᠠ ᠦᠯᠡᠳᠡᠭᠳᠡᠵᠦ ᠢᠷᠡᠭᠰᠡᠨ | ᠠᠰᠠᠭᠤᠳᠠᠯ ᠢ ᠰᠢᠢᠳᠪᠦᠷᠢᠯᠡᠬᠦ ᠶᠢ ᠪᠠᠲᠤᠯᠠᠵᠤ᠂ ᠤᠯᠠᠨ ᠲᠦᠮᠡᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠪᠠ | ᠪᠠᠲᠤᠯᠠᠬᠤ ᠬᠡᠷᠡᠭᠲᠡᠢ ᠭᠡᠵᠤ ᠴᠢᠬᠤᠯᠠᠴᠢᠯᠠᠪᠠ᠃ | |