ᠤᠯᠠᠭᠠᠨᠴᠠᠪ ᠬᠤᠲᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠳᠤᠭᠤᠶᠢᠯᠠᠩ ᠵᠢᠨᠢᠩ ᠲᠣᠭᠤᠷᠢᠭ ᠲᠤ  ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/4
    7 ᠰᠠᠷ᠎ᠠ ᠶᠢᠨ 1᠎ ᠤ ᠡᠳᠦᠷ᠂ ᠤᠯᠠᠭᠠᠨᠴᠠᠪ ᠬᠤᠲᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠳᠤᠭᠤᠶᠢᠯᠠᠩ ᠵᠢᠨᠢᠩ ᠲᠣᠭᠤᠷᠢᠭ ᠲᠤ ᠣᠷᠣᠨ ᠰᠠᠭᠤᠴᠠ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠱᠠᠯᠠᠪᠳᠠᠭᠤᠯᠤᠨ ᠵᠢᠯᠣᠭᠤᠳᠬᠤ ᠠᠵᠢᠯ ᠤᠨ ᠬᠤᠷᠠᠯ ᠬᠤᠷᠠᠯᠳᠤᠪᠠ᠃    ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠳ᠋ᠧᠦ ᠲᠤᠤ ᠷᠠᠨ ᠬᠤᠷᠠᠯ ᠢ ᠡᠷᠭᠢᠯᠡᠭᠰᠡᠨ ᠪᠥᠭᠡᠳ ᠣᠪᠣᠷ ᠢᠶᠠᠨ ᠢᠯᠡᠳᠬᠡᠬᠦ ᠦᠭᠡ ᠬᠡᠯᠡᠪᠡ᠃    ᠬᠤᠷᠠᠯ ᠳᠡᠭᠡᠷ᠎ᠡ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠠᠩ ᠶᠦᠩ ᠵᠢᠨᠢᠩ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠶ᠎ᠠ ᠲᠠᠯᠪᠢᠪᠠ᠃    ᠬᠤᠲᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯ ᠤᠨ ᠳᠤᠭᠤᠶᠢᠯᠠᠩ ᠤᠨ ᠬᠠᠷᠢᠭᠤᠴᠠᠯᠭᠠᠲᠠᠨ ᠵᠢᠭᠠᠭᠰᠠᠨ ᠨᠢ᠂ ᠵᠢᠨᠢᠩ ᠲᠣᠭᠤᠷᠢᠭ ᠪᠠᠶᠢᠳᠠᠯ ᠢ ᠭᠦᠶᠴᠡᠳ ᠲᠠᠨᠢᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠭᠤᠤᠯᠳᠠᠯᠭ᠎ᠠ ᠪᠠᠨ ᠴᠢᠩᠭ᠎ᠠ ᠠᠩᠬᠠᠷᠴᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠰᠠᠯᠠᠭ᠎ᠠ ᠮᠥᠴᠢᠷ ᠤᠨ ᠬᠠᠮᠵᠢᠯᠴᠠᠬᠤ ᠦᠶᠯᠡᠳᠦᠯ ᠢ ᠪᠠᠳᠠᠷᠠᠭᠤᠯᠵᠤ᠂ ᠡᠬᠡ ᠲᠠᠩᠰᠠ ᠪᠠᠶᠢᠭᠤᠯᠵᠤ᠂ ᠲᠥᠰᠦᠯ ᠢ ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠪᠠ ᠠᠮᠢ ᠠᠬᠤᠶ ᠶᠢᠨ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠶ᠃    ᠳ᠋ᠧᠦ ᠲᠤᠤ ᠷᠠᠨ ᠢᠯᠡᠳᠬᠡᠭᠰᠡᠨ ᠨᠢ᠂ ᠵᠢᠨᠢᠩ ᠲᠣᠭᠤᠷᠢᠭ ᠤᠨ ᠬᠢᠨ ᠬᠤᠳᠠ ᠶᠢᠨ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠠᠵᠢᠯ ᠤᠨ ᠳᠤᠭᠤᠶᠢᠯᠠᠩ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠂ ᠠᠰᠠᠭᠤᠳᠠᠯ ᠢ ᠵᠠᠶᠢᠯᠠᠭᠤᠯᠬᠤ ᠦᠭᠡᠢ᠂ ᠨᠠᠶᠢᠳᠠᠪᠤᠷᠢᠵᠢᠭᠤᠯᠤᠯᠲᠠ ᠶᠢ ᠰᠤᠯᠠᠷᠠᠭᠤᠯᠬᠤ ᠦᠭᠡᠢ ᠪᠠᠶᠢᠬᠤ ᠶᠢ ᠦᠨᠡᠨᠬᠦ ᠪᠡᠶᠡᠯᠡᠭᠦᠯᠦᠨ᠎ᠡ᠃ ᠡᠯ᠎ᠡ ᠰᠠᠯᠠᠭ᠎ᠠ ᠮᠥᠴᠢᠷ ᠤᠨ ᠬᠢᠨ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠥᠷᠨᠢᠭᠦᠯᠬᠦ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠵᠤ᠂ ᠠᠵᠢᠯ ᠤᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃ ᠤᠯᠤᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠠᠵᠢᠯ ᠤᠨ ᠬᠠᠮᠲᠤᠷᠠᠯ ᠬᠦᠴᠦᠨ ᠢ ᠪᠦᠷᠢᠯᠳᠦᠭᠦᠯᠵᠦ᠂ ᠲᠤᠪᠤᠶᠢᠮ᠎ᠠ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠡᠯ᠎ᠡ ᠵᠦᠢᠯ ᠤᠨ ᠴᠡᠭᠴᠡᠯᠡᠨ ᠵᠠᠰᠠᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠲᠤᠬᠢᠷᠠᠭᠤᠯᠵᠤ ᠱᠠᠯᠠᠪᠳᠠᠭᠤᠯᠤᠨ ᠰᠢᠢᠳᠪᠦᠷᠢᠯᠡᠬᠦ ᠶᠢ ᠴᠢᠩᠭᠠᠳᠬᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ ᠶᠢᠨ ᠰᠠᠶᠢᠨ ᠰᠠᠶᠢᠬᠠᠨ ᠤᠯᠤᠰ ᠲᠦᠷᠦ ᠶᠢᠨ ᠦᠷ᠎ᠡ ᠪᠦᠲᠦᠮᠵᠢ᠂ ᠬᠠᠤᠯᠢ ᠰᠠᠬᠢᠯᠭ᠎ᠠ ᠶᠢᠨ ᠦᠷ᠎ᠡ ᠪᠦᠲᠦᠮᠵᠢ ᠪᠣᠯᠤᠨ ᠨᠡᠶᠢᠭᠡᠮ ᠤᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃  ᠯᠢ ᠺᠦᠨ᠂ ᠾᠧ ᠷᠦᠨ ᠭᠧᠨ ᠵᠢᠴᠢ ᠲᠤᠭᠤᠷᠢᠭ ᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2