ᠵᠢᠨᠢᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠶᠢ ᠠᠬᠢᠭᠤᠯᠬᠤ ᠵᠢᠴᠢ 2024 ᠣᠨ ᠤ ᠳᠥᠷᠪᠡᠳᠦᠭᠡᠷ ᠤᠳᠠᠭ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/4
     7 ᠰᠠᠷ᠎ᠠ ᠶᠢᠨ 2᠎ ᠤᠨ ᠡᠳᠦᠷ᠂ ᠵᠢᠨᠢᠩ ᠲᠣᠭᠤᠷᠢᠭ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠶᠢ ᠠᠬᠢᠭᠤᠯᠬᠤ ᠵᠢᠴᠢ 2024 ᠣᠨ ᠤ ᠳᠥᠷᠪᠡᠳᠦᠭᠡᠷ ᠤᠳᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠪᠠ᠃ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢ ᠪᠠᠷ ᠵᠠᠰᠠᠬᠤ ᠶᠢ ᠬᠦᠴᠦᠯᠡᠨ ᠠᠬᠢᠭᠤᠯᠬᠤ ᠲᠤᠬᠠᠢ ᠰᠠᠨᠠᠯ︾᠎ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠳᠡᠭᠡᠷ᠎ᠡ ᠬᠠᠭᠠᠰ ᠵᠢᠯ ᠤᠨ ᠪᠦᠬᠦ ᠲᠤᠭᠤᠷᠢᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠤᠯᠢᠵᠢᠯ ᠢ ᠠᠬᠢᠭᠤᠯᠬᠤ ᠶᠢ ᠨᠡᠩ ᠲᠣᠪᠤᠶᠢᠮ᠎ᠠ᠂ ᠨᠡᠩ ᠴᠢᠬᠤᠯᠠ ᠪᠠᠶᠢᠷᠢᠨ ᠳᠤ ᠲᠠᠯᠪᠢᠬᠤ ᠬᠡᠷᠡᠭᠲᠡᠢ᠃ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾᠎ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠬᠠᠤᠯᠢᠵᠢᠭᠤᠯᠬᠤ ᠪᠠᠷ ᠭᠠᠷᠳᠠᠴᠠ ᠪᠣᠯᠭᠠᠨ᠂ ᠡᠶᠡᠳᠡᠭᠦᠯᠭᠡ ᠶᠢ ᠤᠷᠢᠳᠠᠪᠠᠷ ᠬᠡᠷᠡᠭᠵᠢᠭᠦᠯᠬᠦ ᠵᠠᠷᠴᠢᠮ ᠢ ᠦᠨᠳᠦᠰᠦᠯᠡᠨ᠂ ︽ᠨᠢᠭᠡ ᠥᠷᠲᠡᠭᠡ ᠮᠠᠶ᠋ᠢᠭ ᠤᠨ᠂ ᠣᠯᠠᠨ ᠡᠰᠢᠵᠢᠭᠰᠡᠨ᠂ ᠪᠥᠬᠦ ᠬᠡᠯᠬᠢᠶ᠎ᠡ︾᠎ ᠶᠢᠨ ᠡᠶᠡᠳᠡᠭᠦᠯᠦᠨ ᠰᠢᠢᠳᠪᠦᠷᠢᠯᠡᠬᠦ ᠠᠵᠢᠯ ᠤᠨ ᠵᠠᠭᠪᠤᠷ ᠢᠶᠠᠷ ᠳᠠᠮᠵᠢᠭᠤᠯᠤᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ ᠡᠬᠢ ᠡᠭᠦᠰᠦᠯ ᠠᠴᠠ ᠨᠢ ᠵᠠᠰᠠᠬᠤ ᠬᠢᠷᠢ ᠲᠦᠪᠰᠢᠨ ᠢ ᠶᠡᠬᠡᠪᠡᠷ ᠳᠡᠭᠡᠭᠰᠢᠯᠡᠭᠦᠯᠵᠦ᠂ ︽ᠰᠢᠨ᠎ᠡ ᠴᠠᠭ ᠦᠶ᠎ᠡ ᠶᠢᠨ ᠹᠧᠩᠴᠢᠶᠤᠤ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠵᠥᠷᠢᠴᠡᠯ ᠢ ︽ᠭᠡᠷ ᠤᠨ ᠡᠭᠦᠳᠡ︾᠎ ᠳᠤ ᠵᠣᠬᠢᠰᠲᠠᠢ ᠰᠢᠢᠳᠪᠦᠷᠢᠯᠡᠬᠦ ᠶᠢ ᠠᠬᠢᠭᠤᠯᠵᠤ ᠂ ᠵᠥᠷᠢᠴᠡᠯ ᠵᠢᠭᠤᠷᠠᠯᠳᠤᠭᠠᠨ ᠢ ᠴᠤᠬᠤᠶᠢᠵᠤ ᠪᠠᠶᠢᠭ᠎ᠠ ᠦᠶ᠎ᠡ ᠳᠤᠨᠢ ᠰᠢᠢᠳᠪᠦᠷᠢᠯᠡᠵᠦ᠂ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠰᠠᠬᠢᠯᠭ᠎ᠠ ᠪᠠᠲᠤ ᠶᠢ ᠴᠢᠩᠳᠠᠯᠠᠵᠤ᠂ ᠤᠯᠠᠨ ᠲᠦᠮᠡᠨ ᠤ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠭ᠎ᠠ᠂ ᠣᠶᠤᠨᠴᠢ ᠪᠠᠷ ᠡᠷᠬᠡ ᠪᠠᠨ ᠬᠠᠮᠠᠭᠠᠯᠠᠬᠤ ᠶᠢ ᠬᠦᠳᠦᠯᠦᠨ ᠵᠢᠯᠣᠭᠤᠳᠬᠤ ᠬᠡᠷᠡᠭᠲᠡᠢ᠃      ᠤᠷᠴᠢᠭᠤᠯᠤᠭᠴᠢ᠄  ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2