ᠵᠢᠨᠢᠩ ᠲᠣᠭᠤᠷᠢᠭ 2024 ᠣᠨ ᠤ ︽8.1︾ ᠤ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 14 ᠳ᠋ᠤᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/1
705470.jpg
    7 ᠰᠠᠷ᠎ᠠ ᠶᠢᠨ 31 ᠤ ᠡᠳᠦᠷ᠂ ᠵᠢᠨᠢᠩ ᠲᠣᠭᠤᠷᠢᠭ  2024 ᠣᠨ ᠤ ︽8.1︾ ᠤ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2024 ᠣᠨ ᠤ 14 ᠳ᠋ᠦ᠋ᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ ᠤᠤᠯ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠭᠡ ᠰᠤᠷᠭᠠᠭᠤᠯᠢ ᠶᠢᠨ ᠤᠯᠤᠰ ᠲᠦᠷᠦ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠯᠢ ᠪᠦᠦ ᠵᠦᠩ ᠢ ᠤᠷᠢᠵᠤ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭᠠᠨ ᠤ ᠪᠤᠢ ᠪᠣᠯᠤᠭᠰᠠᠨ ᠴᠠᠭ ᠦᠶ᠎ᠡ ᠶᠢᠨ ᠠᠬᠤᠢ ᠪᠠᠶᠢᠳᠠᠯ᠂ ᠤᠨᠤᠯ ᠤᠨ ᠴᠢᠬᠤᠯᠠ ᠠᠭᠤᠯᠭ᠎ᠠ ᠵᠡᠷᠭᠡ ᠠᠭᠤᠯᠭ᠎ᠠ ᠶᠢ ᠭᠦᠨᠵᠡᠭᠡᠢ ᠲᠠᠶᠢᠯᠪᠤᠷᠢᠯᠠᠪᠠ᠃ ᠲᠠᠶᠢᠯᠤᠮᠵᠢ ᠶᠢᠨ ᠪᠠᠶᠢᠯᠳᠤᠬᠤ ᠪᠤᠳᠤᠯᠭ᠎ᠠ ᠶᠢᠨ ᠬᠠᠷᠠᠭᠠᠰᠤ ᠥᠷᠭᠡᠨ᠂ ᠠᠰᠠᠭᠤᠳᠠᠯ ᠢ ᠭᠦᠨᠵᠡᠭᠡᠢ ᠵᠠᠳᠠᠯᠵᠤ᠂ ᠬᠤᠷᠠᠯ ᠳᠤ ᠣᠷᠣᠯᠴᠠᠭᠰᠠᠨ ᠨᠥᠬᠦᠳ ᠭᠦᠨ ᠰᠡᠩᠬᠡᠷᠡᠭᠦᠯᠦᠯ ᠣᠯᠵᠤ᠂ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢᠨ ᠲᠤᠬᠠᠢ ᠰᠢᠰᠲ᠋ᠧᠮ ᠲᠠᠢ ᠲᠠᠨᠢᠯᠲᠠ ᠪᠠᠨ ᠴᠢᠩᠭᠠᠳᠬᠠᠵᠤ᠂ ᠮᠠᠨ ᠤ ᠲᠤᠭᠤᠷᠢᠭ ᠤᠨ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠤᠯᠠᠮ ᠴᠢᠨᠠᠭᠰᠢᠳᠠ ᠴᠢᠩᠭᠠᠳᠬᠠᠬᠤ᠂ ᠪᠦᠬᠦ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠦᠵᠡᠯᠲᠡ ᠶᠢ ᠳᠡᠭᠡᠭᠰᠢᠯᠡᠭᠦᠯᠬᠦ᠂ ᠤᠯᠤᠰ ᠢᠶᠠᠨ ᠬᠦᠴᠦᠷᠬᠡᠭᠵᠢᠭᠦᠯᠵᠦ ᠴᠡᠷᠢᠭ ᠢ ᠬᠦᠴᠦᠷᠬᠡᠭᠵᠢᠭᠦᠯᠬᠦ ᠦᠢᠯᠡᠰ ᠢ ᠯᠠᠪᠳᠠᠭᠤᠨ ᠪᠠᠲᠤᠲᠠᠢ ᠠᠬᠢᠭᠤᠯᠬᠤ ᠳᠤ ᠮᠠᠰᠢ ᠴᠢᠩᠭ᠎ᠠ ᠪᠣᠳᠠᠲᠤ ᠬᠠᠨᠳᠤᠯᠭᠠᠲᠤ ᠴᠢᠨᠠᠷ ᠪᠠ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠶᠤᠮ᠃    ᠵᠠᠩ ᠶᠦᠩ ᠸᠧᠨ ᠱᠠᠭᠠᠷᠳᠠᠭᠰᠠᠨ ᠨᠢ᠂ ᠰᠢ ᠶᠢᠨ ᠫᠢᠩ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶᠠᠨ ᠤ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ ᠶᠢᠨ ᠪᠠᠶᠢᠭᠤᠯᠤᠯᠲᠠ ᠶᠢᠨ ᠲᠤᠬᠠᠢ ᠰᠢᠨ᠎ᠡ ᠦᠵᠡᠯ ᠰᠠᠨᠠᠭ᠎ᠠ᠂ ᠰᠢᠨ᠎ᠡ ᠦᠵᠡᠯᠲᠡ᠂ ᠰᠢᠨ᠎ᠡ ᠱᠠᠭᠠᠷᠳᠠᠯᠭ᠎ᠠ ᠶᠢ ᠴᠠᠭ ᠲᠤᠬᠠᠢ ᠳᠤᠨᠢ ᠮᠥᠷᠳᠡᠨ ᠡᠵᠡᠮᠰᠢᠵᠦ᠂ ᠨᠠᠮ ᠠᠴᠠ ᠵᠡᠪᠰᠡᠭᠲᠦ ᠬᠦᠴᠦᠨ ᠢ ᠬᠠᠮᠢᠶᠠᠷᠬᠤ ᠠᠵᠢᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠪᠠᠲᠤ ᠡᠭᠦᠷᠭᠡᠯᠡᠵᠦ᠂ ᠮᠠᠨ ᠤ ᠲᠤᠭᠤᠷᠢᠭ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠲᠠᠶᠢᠴᠢᠯᠠᠯᠳᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ᠃ ᠡᠷᠦᠬᠡ ᠶᠢᠨ ᠴᠡᠷᠢᠭ ᠤᠨ ᠪᠣᠯᠪᠠᠰᠤᠷᠠᠯ ᠤᠨ ᠵᠠᠭᠪᠤᠷ ᠢ ᠭᠦᠨᠵᠡᠭᠡᠶᠢᠷᠡᠭᠦᠯᠦᠨ ᠥᠷᠭᠡᠳᠬᠡᠵᠦ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠡᠷᠦᠬᠡ ᠶᠢᠨ ᠴᠡᠷᠢᠭ ᠤᠨ ᠡᠩᠨᠡᠭᠡᠨ ᠤ ᠶᠡᠷᠦᠩᠬᠡᠶᠢᠯᠡᠭᠰᠡᠨ ᠬᠡᠪ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠪᠦᠬᠦ ᠨᠡᠶᠢᠭᠡᠮ ᠢᠶᠠᠷ ᠢᠶᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠬᠦ ᠬᠠᠯᠠᠭᠤᠨ ᠰᠡᠳᠬᠢᠯᠭᠡ ᠶᠢ ᠬᠥᠭᠵᠢᠭᠡᠵᠦ᠂ ᠤᠯᠤᠰ ᠢᠶᠠᠨ ᠬᠠᠶᠢᠷᠠᠯᠠᠵᠤ ᠴᠡᠷᠢᠭ ᠢᠶᠠᠨ ᠬᠦᠴᠦᠷᠬᠡᠭᠵᠢᠭᠦᠯᠬᠦ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ ᠃ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠶᠢ ᠭᠦᠨᠵᠡᠭᠡᠶᠢᠷᠡᠭᠦᠯᠵᠦ᠂ ᠴᠡᠷᠢᠭ ᠠᠷᠠᠳ ᠤᠨ ᠠᠭᠤᠰᠤᠯᠴᠠᠯ ᠢ ᠠᠬᠢᠭᠤᠯᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠢ ᠲᠠᠰᠤᠷᠠᠯᠳᠠ ᠦᠭᠡᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ᠃    ᠲᠤᠭᠤᠷᠢᠭ ᠤᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠨᠥᠬᠦᠳ ᠵᠢᠴᠢ ᠬᠤᠯᠪᠣᠭᠳᠠᠯ ᠪᠦᠬᠦᠢ ᠲᠤᠭᠤᠷᠢᠭ ᠤᠨ ᠰᠢᠭᠤᠳ ᠬᠠᠷᠢᠶ᠎ᠠ ᠨᠢᠭᠡᠴᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2