ᠵᠢᠨᠢᠩ ᠲᠣᠭᠤᠷᠢᠭ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠤᠯᠢ ᠲᠣᠭᠲᠠᠭᠠᠯ ᠳᠦᠷᠢᠮ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠪᠡ
ᠨᠡᠶᠢᠲᠡᠯᠡᠭᠰᠡᠨ ᠴᠠᠭ᠄
2024/8/15
    8 ᠰᠠᠷ᠎ᠠ ᠶᠢᠨ 14 ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠤᠯᠢ ᠲᠣᠭᠲᠠᠭᠠᠯ ᠳᠦᠷᠢᠮ ᠤᠨ ᠲᠤᠰᠬᠠᠶ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠡᠯ᠎ᠡ ᠰᠠᠯᠠᠭ᠎ᠠ ᠮᠥᠴᠢᠷ ᠤᠨ ᠤᠳᠤᠷᠢᠳᠬᠤ ᠺᠠᠳ᠋ᠷ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃    ᠪᠣᠯᠪᠠᠰᠤᠷᠠᠯ ᠳᠤ ᠬᠤᠲᠠ ᠶᠢᠨ ᠨᠠᠮ ᠤᠨ ᠬᠤᠷᠢᠶᠠᠨ ᠤ ᠣᠷᠣᠨ ᠲᠤᠭ᠎ᠠ ᠶᠢᠨ ᠠᠯᠪᠠᠨ ᠬᠡᠷ ᠤᠨ ᠬᠢᠨᠠᠯᠲᠠ ᠲᠠᠯᠪᠢᠵᠤ ᠪᠠᠶᠢᠴᠠᠭᠠᠬᠤ ᠰᠠᠯᠠᠭᠠᠨ ᠤ ᠳᠠᠷᠤᠭ᠎ᠠ ᠮᠠ ᠰᠢᠶᠤᠤ ᠯᠦᠩ ᠢ ᠤᠷᠢᠵᠤ᠂ ︽︿ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠲᠦᠷᠢᠮ﹀ ᠵᠢᠴᠢ ᠬᠠᠮᠢᠶ᠎ᠠ ᠪᠥᠬᠦᠶ ᠢᠵᠢ ᠪᠥᠷᠢᠳᠦᠭᠰᠡᠨ ᠬᠠᠤᠯᠢ ᠲᠣᠭᠲᠠᠭᠠᠯ ᠲᠦᠷᠢᠮ ᠢ ᠲᠠᠶᠢᠯᠪᠤᠷᠢᠯᠠᠬᠤ﹀ ᠭᠡᠬᠦ ᠰᠡᠳᠦᠪ ᠢᠶᠠᠷ ᠲᠤᠰᠬᠠᠶ ᠰᠡᠳᠦᠪᠲᠦ ᠪᠣᠯᠪᠠᠰᠤᠷᠠᠯ ᠬᠢᠯᠭᠡᠵᠡᠶ᠃ ᠲᠡᠷᠡ ᠨᠠᠮ ᠪᠣᠯᠤᠨ ᠲᠦᠷᠦ ᠶᠢᠨ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠰᠢᠰᠲ᠋ᠧᠮ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠤᠯᠢ ᠲᠣᠭᠲᠠᠭᠠᠯ ᠤᠨ ᠰᠢᠰᠲ᠋ᠧᠮ ᠤᠨ ᠪᠠᠶᠢᠭᠤᠯᠤᠯᠲᠠ ᠵᠡᠷᠭᠡ ᠶᠢᠨ ᠲᠣᠭᠤᠷᠢᠨ ᠳᠤ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠤᠨ ᠲᠦᠷᠢᠮ︾ ᠤᠨ ᠠᠬᠤᠢ ᠪᠠᠶᠢᠳᠠᠯ ᠵᠢᠴᠢ ᠠᠴᠢ ᠬᠤᠯᠪᠣᠭᠳᠠᠯ ᠢ ᠲᠣᠳᠣᠷᠬᠠᠶᠢᠯᠠᠨ ᠥᠭᠦᠯᠡᠭᠰᠡᠨ ᠪᠥᠭᠡᠳ ᠪᠠᠶᠢᠭᠤᠯᠤᠮᠵᠢ ᠶᠢᠨ ᠬᠢᠵᠠᠭᠠᠷᠯᠠᠬᠤ ᠲᠤᠭ᠎ᠠ ᠶᠢᠨ ᠬᠠᠮᠢᠶᠠᠷᠤᠯᠲᠠ᠂ ᠣᠷᠣᠨ ᠲᠤᠭ᠎ᠠ ᠶᠢᠨ ᠶᠡᠷᠦᠩᠬᠡᠢ ᠲᠤᠭ᠎ᠠ ᠶᠢᠨ ᠬᠠᠮᠢᠶᠠᠷᠤᠯᠲᠠ ᠵᠡᠷᠭᠡ ᠲᠦᠷᠢᠮ ᠤᠨ ᠲᠤᠬᠠᠢ ᠭᠤᠣᠯᠳᠠᠯᠭ᠎ᠠ ᠲᠠᠢ ᠲᠠᠶᠢᠯᠤᠮᠵᠢ ᠬᠢᠵᠡᠢ᠃    ᠪᠣᠯᠪᠠᠰᠤᠷᠠᠯ ᠤᠨ ᠰᠤᠳᠠᠰᠤ ᠨᠢ ᠲᠣᠳᠣᠷᠬᠠᠶ᠂ ᠭᠤᠤᠯ ᠰᠡᠳᠦᠪ ᠨᠢ ᠲᠣᠪᠤᠶᠢᠮ᠎ᠠ᠂ ᠠᠭᠤᠯᠭ᠎ᠠ ᠨᠢ ᠪᠠᠶᠠᠯᠢᠭ ᠪᠠᠶᠢᠵᠤ᠂ ᠲᠥᠷᠥ ᠶᠢᠨ ᠪᠣᠳᠣᠯᠭ᠎ᠠ ᠶᠢᠨ ᠣᠨᠣᠯ ᠤᠨ ᠲᠤᠬᠠᠶ ᠲᠠᠶᠢᠯᠤᠮᠵᠢ ᠮᠥᠷᠲᠡᠭᠡᠨ ᠪᠠᠰᠠ ᠬᠠᠮᠢᠶ᠎ᠠ ᠪᠦᠬᠦᠢ ᠪᠣᠳᠠᠲᠤ ᠵᠢᠱᠢᠶ᠎ᠡ ᠶᠢᠨ ᠵᠠᠳᠠᠯᠤᠯᠲᠠ ᠲᠠᠢ ᠶᠤᠮ ᠃ ᠥᠭᠡᠷᠡᠴᠢᠯᠡᠯᠲᠡ ᠶᠢ ᠠᠬᠢᠭᠤᠯᠬᠤ ᠲᠣᠳᠣᠷᠬᠠᠶᠢᠯᠠᠯᠲᠠ ᠪᠠᠶᠢᠬᠤ ᠮᠥᠷᠲᠡᠭᠡᠨ ᠪᠠᠰᠠ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠴᠢᠩᠳᠠᠯᠠᠬᠤ ᠪᠣᠳᠠᠲᠠᠶ ᠠᠷᠭ᠎ᠠ ᠬᠡᠮᠵᠢᠶ᠎ᠡ ᠲᠠᠢ᠂ ᠬᠠᠨᠳᠤᠯᠭᠠᠲᠤ ᠴᠢᠨᠠᠷ ᠢᠶᠠᠷ ᠴᠢᠩᠭ᠎ᠠ᠂ ᠪᠣᠳᠠᠲᠠᠶ ᠶᠢ ᠡᠷᠬᠢᠮᠯᠡᠭᠰᠡᠨ ᠲᠤᠰᠠᠲᠠᠶ ᠪᠠᠶᠢᠵᠤ᠂ ᠤᠯᠤᠰ ᠲᠥᠷᠥ ᠶᠢᠨ ᠲᠠᠯ᠎ᠠ ᠪᠠᠷ ᠴᠢᠩᠭ᠎ᠠ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠣᠪᠣᠷ ᠰᠤᠷᠲᠠᠯ ᠨᠢ ᠰᠢᠯᠢᠳᠡᠭ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠺᠠᠳ᠋ᠷ ᠤᠨ ᠡᠩᠨᠡᠭᠡ ᠶᠢ ᠪᠠᠶᠢᠭᠤᠯᠬᠤ ᠳᠤ ᠬᠦᠴᠦᠲᠡᠶ ᠪᠠᠲᠤᠯᠠᠭ᠎ᠠ ᠬᠠᠩᠭᠠᠭᠰᠠᠨ ᠪᠠᠶᠢᠨ᠎ᠠ᠃    ᠲᠣᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ  ᠨᠢᠭᠡᠴᠢ ᠶᠢᠨ ᠬᠠᠷᠢᠭᠤᠴᠠᠯᠭᠠᠲᠠᠨ᠂ ᠪᠠᠶᠢᠭᠤᠯᠤᠮᠵᠢ ᠶᠢᠨ ᠣᠷᠣᠨ ᠲᠤᠭ᠎ᠠ ᠶᠢᠨ ᠠᠵᠢᠯ ᠢ ᠬᠠᠷᠢᠭᠤᠴᠠᠬᠤ ᠲᠤᠬᠠᠶᠢᠯᠠᠭᠰᠠᠨ ᠠᠵᠢᠯ ᠤᠨ ᠭᠤᠣᠯᠯᠠᠭᠴᠢ ᠵᠢᠴᠢ ᠲᠣᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠭᠡᠷ ᠤᠨ ᠪᠦᠬᠦ ᠠᠵᠢᠯᠲᠠᠳ ᠪᠣᠯᠪᠠᠰᠤᠷᠠᠯ ᠳᠤ ᠣᠷᠣᠯᠴᠠᠪᠠ᠃                ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2