ᠵᠠᠩ ᠶᠦᠩ ᠸᠧᠨ ᠪᠦᠯᠬᠦᠮ ᠳᠠᠭᠠᠭᠤᠯᠤᠨ ᠱᠠᠩᠬᠠᠢ᠂ ᠵᠧᠵᠢᠶᠠᠩ ᠳᠤ ᠬᠦᠷᠴᠦ ᠲᠦᠷᠦᠯ ᠵᠦᠢᠯ ᠤᠨ ᠪᠠᠶᠢᠴᠠᠭᠠᠯᠲᠠ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/20
705470.jpg
    8 ᠰᠠᠷ᠎ᠠ ᠶᠢᠨ 14 ᠤ ᠡᠳᠦᠷ ᠠᠴᠠ 15 ᠤ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠪᠦᠯᠬᠦᠮ ᠳᠠᠭᠠᠭᠤᠯᠤᠨ ᠱᠠᠩᠬᠠᠢ᠂ ᠵᠧᠵᠢᠶᠠᠩ ᠳᠤ ᠬᠦᠷᠴᠦ ᠲᠦᠷᠦᠯ ᠵᠦᠢᠯ ᠤᠨ ᠰᠢᠨᠵᠢᠯᠡᠨ ᠪᠠᠶᠢᠴᠠᠭᠠᠯᠲᠠ ᠵᠢᠴᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠠᠵᠢᠯᠯᠠᠭ᠎ᠠ ᠥᠷᠨᠢᠭᠦᠯᠪᠡ᠃    ᠱᠠᠩᠬᠠᠢ ᠳᠤ ᠪᠠᠶᠢᠭᠰᠠᠨ ᠬᠤᠭᠤᠴᠠᠭᠠᠨ ᠳᠠᠭᠠᠨ᠂ ᠵᠠᠩ ᠶᠦᠩ ᠸᠧᠨ ᠨᠠᠷ ᠤᠷᠢᠳ ᠬᠤᠵᠢᠳ ᠬᠤᠩ ᠰᠢᠩ ᠮᠧᠢ ᠺᠠᠢ ᠯᠦᠩ᠂ ᠱᠧᠨ ᠨᠧᠩ ᠪᠦᠯᠦᠭᠯᠡᠯ᠂ ᠬᠤᠢ ᠬᠤᠩ ᠬᠦᠷᠦᠩᠭᠡ ᠵᠡᠷᠭᠡ ᠠᠵᠤ ᠠᠬᠤᠶᠢᠯᠠᠯ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠠᠵᠤ ᠠᠬᠤᠶᠢᠯᠠᠯ ᠤᠨ ᠬᠥᠭᠵᠢᠯᠲᠡ ᠶᠢᠨ ᠶᠠᠪᠤᠴᠠ᠂ ᠲᠦᠷᠦᠯ ᠲᠡᠮᠳᠡᠭ ᠤᠨ ᠪᠠᠶᠢᠷᠢ ᠲᠣᠭᠲᠠᠭᠠᠯᠲᠠ᠂ ᠠᠵᠤ ᠦᠢᠯᠡᠰ ᠤᠨ ᠪᠠᠶᠢᠷᠢᠰᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠢ᠂ ᠰᠢᠨ᠎ᠡ ᠡᠨᠧᠷᠭᠢ ᠶᠢᠨ ᠠᠵᠤ ᠦᠢᠯᠡᠰ ᠵᠡᠷᠭᠡ ᠶᠢᠨ ᠲᠣᠭᠤᠷᠢᠨ ᠳᠤ ᠡᠯ᠎ᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡ ᠬᠡᠯᠡᠭᠰᠡᠨ ᠨᠢ᠄ ᠵᠢᠨᠢᠩ ᠲᠣᠭᠤᠷᠢᠭ ᠨᠢ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠪᠣᠯᠤᠨ ︽ᠨᠢᠭᠡ ᠪᠦᠰᠡ ᠨᠢᠭᠡ ᠵᠠᠮ︾ ᠤᠨ ᠴᠢᠬᠤᠯᠠ ᠵᠠᠩᠭᠢᠯᠠᠭ᠎ᠠ ᠶᠢᠨ ᠬᠤᠲᠠ ᠪᠣᠯᠤᠭᠰᠠᠨ ᠤ ᠬᠤᠪᠢ ᠳᠤ᠂ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠠᠮᠢ ᠠᠬᠤᠢ ᠶᠢᠨ ᠣᠷᠴᠢᠨ ᠲᠣᠭᠤᠷᠢᠨ ᠭᠤᠶᠤ ᠰᠠᠶᠢᠬᠠᠨ᠂ ᠰᠣᠶᠣᠯ ᠢᠷᠭᠡᠨᠰᠢᠯ ᠤᠨ ᠰᠠᠭᠤᠷᠢ ᠭᠦᠨ ᠵᠤᠵᠠᠭᠠᠨ᠂ ᠬᠥᠭᠵᠢᠯᠲᠡ ᠶᠢᠨ ᠬᠠᠨᠳᠤᠰᠢ ᠴᠢᠩᠭ᠎ᠠ ᠪᠠᠶᠢᠵᠤ᠂ ᠡᠳᠦᠷ ᠢᠷᠡᠬᠦᠶ᠎ᠡ ᠠᠵᠤ ᠠᠬᠤᠶᠢᠯᠠᠯ ᠤᠨ ᠪᠡᠯᠡ ᠣᠷᠣᠭᠤᠯᠵᠤ ᠦᠢᠯᠡᠰ ᠪᠣᠰᠬᠠᠬᠤ ᠬᠠᠯᠠᠭᠤᠨ ᠨᠤᠲᠤᠭ ᠪᠤᠯᠵᠤ ᠪᠠᠶᠢᠨ᠎ᠠ᠃ ᠬᠤᠶᠠᠷ ᠲᠠᠯ᠎ᠠ ᠪᠠᠷ ᠢᠶᠠᠨ ᠵᠣᠯᠭᠠᠯᠴᠠᠭ᠎ᠠ ᠰᠣᠯᠢᠯᠴᠠᠭ᠎ᠠ ᠪᠠᠨ ᠴᠢᠨᠠᠭᠰᠢᠳᠠ ᠴᠢᠩᠭᠠᠳᠬᠠᠵᠤ᠂ ᠬᠠᠮᠲᠤᠷᠠᠯᠴᠠᠭᠠᠨ ᠤ ᠠᠷᠭ᠎ᠠ ᠵᠠᠮ ᠢᠶᠠᠨ ᠲᠠᠰᠤᠷᠠᠯᠲᠠ ᠦᠭᠡᠢ ᠥᠷᠭᠡᠳᠬᠡᠵᠦ᠂ ᠨᠡᠩ ᠤᠯᠠᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠦᠷ᠎ᠡ ᠪᠦᠲᠦᠭᠡᠯ ᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ ᠭᠡᠵᠡᠢ᠃ ᠵᠢᠨᠢᠩ ᠲᠣᠭᠤᠷᠢᠭ ᠤᠨ ᠬᠢᠨ‌‍ᠪᠦ᠋ᠳᠦᠭᠡᠨ ᠪᠠᠶᠢᠭᠤᠯᠤᠯᠲᠠ ᠶᠢᠨ ᠪᠠᠲᠤᠯᠠᠭ᠎ᠠ ᠪᠣᠯᠤᠨ ᠲᠦᠷᠦᠯ ᠵᠦᠢᠯ ᠤᠨ ᠦᠢᠯᠡᠴᠢᠯᠡᠭᠡ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨᠬᠦ ᠠᠬᠢᠭᠤᠯᠬᠤ ᠪᠣᠯᠤᠨ᠎ᠠ᠃ ᠵᠧᠵᠢᠶᠠᠩ ᠳᠤ ᠪᠠᠶᠢᠬᠤ ᠬᠤᠭᠤᠴᠠᠭᠠᠨ ᠳᠤ᠂ ᠵᠠᠩ ᠶᠦᠩ ᠸᠧᠨ ᠨᠠᠷ ᠵᠧᠵᠢᠶᠠᠩ ᠡᠨᠧᠷᠭᠢ ᠰᠠᠨᠰᠠᠷ ᠤᠨ ᠠᠶᠠᠯᠠᠯ ᠤᠨ ᠤᠰᠤᠲᠥ᠋ᠷᠥᠭᠴᠢ ᠡᠨᠧᠷᠭᠢ ᠶᠢᠨ ᠺᠣᠮᠫᠠᠨᠢ ᠳᠤ ᠬᠦᠷᠴᠦ ᠰᠢᠨᠵᠢᠯᠡᠨ ᠪᠠᠶᠢᠴᠠᠭᠠᠵᠤ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠠᠵᠤ ᠦᠢᠯᠡᠰ ᠤᠨ ᠪᠠᠶᠢᠷᠢᠰᠢᠭᠤᠯᠤᠯᠲᠠ᠂ ᠬᠥᠭᠵᠢᠯᠲᠡ ᠶᠢᠨ ᠣᠳᠣᠬᠢ ᠪᠠᠶᠢᠳᠠᠯ ᠵᠢᠴᠢ ᠢᠷᠡᠭᠡᠳᠦᠢ ᠶᠢᠨ ᠲᠥᠯᠥᠪᠵᠢᠭᠦᠯᠭᠡ ᠶᠢ ᠨᠠᠷᠢᠨ ᠣᠶᠢᠯᠠᠭᠠᠵᠤ᠂ ᠤᠰᠤᠲᠥ᠋ᠷᠥᠭᠴᠢ ᠡᠨᠧᠷᠭᠢ ᠶᠢᠨ ᠨᠡᠭᠦᠷᠡᠰᠦᠲᠥ᠋ᠷᠥᠭᠴᠢ ᠦᠭᠡᠢ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠠᠵᠤ ᠠᠬᠤᠶᠢᠯᠠᠯ ᠤᠨ ᠠᠩᠬᠠᠷᠴᠤ ᠪᠠᠶᠢᠭ᠎ᠠ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠴᠡᠢ᠃ ᠲᠡᠷᠡ᠂ ᠣᠳᠣᠬᠠᠨ ᠳᠤ ᠵᠢᠨᠢᠩ ᠲᠣᠭᠤᠷᠢᠭ ᠶᠠᠭ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠡᠨᠧᠷᠭᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠠᠴᠠ ᠪᠣᠯᠤᠭᠰᠠᠨ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠡᠨᠧᠷᠭᠢ ᠬᠠᠳᠠᠭᠠᠯᠠᠬᠤ ᠤᠰᠤᠲᠥ᠋ᠷᠥᠭᠴᠢ ᠡᠨᠧᠷᠭᠢ ᠪᠠᠷ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠬᠦ ᠭᠤᠣᠯᠳᠠᠯᠭ᠎ᠠ ᠲᠠᠢ ᠴᠢᠭᠯᠡᠯ ᠪᠣᠯᠭᠠᠵᠤ ᠪᠠᠶᠢᠨ᠎ᠠ᠃ ᠵᠧᠵᠢᠶᠠᠩ ᠡᠨᠧᠷᠭᠢ ᠰᠠᠨᠰᠠᠷ ᠤᠨ ᠠᠶᠠᠯᠠᠯ ᠤᠨ ᠤᠰᠤᠲᠥ᠋ᠷᠥᠭᠴᠢ ᠡᠨᠧᠷᠭᠢ ᠶᠢᠨ ᠺᠣᠮᠫᠠᠨᠢ ᠶᠢᠨ ᠵᠢᠨᠢᠩ ᠳᠤ ᠪᠠᠶᠢᠷᠢᠰᠢᠭᠤᠯᠤᠭᠰᠠᠨ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ ᠲᠦᠷᠦᠯ ᠵᠦᠢᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠬᠥᠭᠵᠢᠯᠲᠡ ᠶᠢᠨ ᠢᠷᠡᠭᠡᠳᠦᠢ ᠰᠠᠶᠢᠨ ᠪᠠᠶᠢᠨ᠎ᠠ᠂ ᠬᠤᠶᠠᠷ ᠲᠠᠯ᠎ᠠ ᠪᠠᠷ ᠢᠶᠠᠨ ᠰᠡᠳᠬᠢᠯ ᠨᠢᠭᠡᠳᠦᠨ ᠴᠢᠭᠯᠡᠯ ᠢᠶᠠᠨ ᠨᠢᠭᠡᠳᠬᠡᠵᠦ᠂ ᠤᠯᠤᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠲᠦᠷᠦᠯ ᠵᠦᠢᠯ ᠢ ᠵᠢᠨᠢᠩ ᠳᠤ ᠣᠷᠣᠭᠤᠯᠬᠤ ᠶᠢ ᠲᠦᠷᠭᠡᠨ ᠠᠬᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠴᠢᠷᠮᠠᠶᠢᠨ ᠪᠡᠶᠡᠯᠡᠭᠦᠯᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠰᠢᠨᠵᠢᠯᠡᠨ ᠪᠠᠶᠢᠴᠠᠭᠠᠬᠤ ᠬᠤᠭᠤᠴᠠᠭᠠᠨ ᠳᠤ᠂ ᠵᠢᠨᠢᠩ ᠲᠣᠭᠤᠷᠢᠭ ᠬᠤᠩ ᠰᠢᠩ ᠮᠧᠢ ᠺᠠᠢ ᠯᠦᠩ ᠲᠠᠢ ᠬᠠᠮᠲᠤᠷᠠᠯᠴᠠᠭᠠᠨ ᠤ ᠵᠥᠪᠯᠡᠯᠴᠡᠭᠡᠷ ᠲᠣᠭᠲᠠᠵᠠᠢ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2