ᠵᠢᠨᠢᠩ ᠲᠣᠭᠤᠷᠢᠭ 2024 ᠣᠨ ᠳᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠣᠷᠣᠬᠤ  ᠰᠤᠷᠤᠭᠴᠢᠳ ᠢ ᠺᠣᠮᠫᠢᠦ᠋ᠲ᠋ᠧᠷ  ᠢᠶᠠᠷ ᠢᠯᠡ  ᠪᠠᠶᠢᠷᠢ ᠲᠣᠮᠢᠯᠠᠪᠠ
ᠨᠡᠶᠢᠲᠡᠯᠡᠭᠰᠡᠨ ᠴᠠᠭ᠄
2024/8/21
    8 ᠰᠠᠷ᠎ᠠ ᠶᠢᠨ 20 ᠤ ᠡᠳᠦᠷ᠂ ᠵᠢᠨᠢᠩ ᠲᠣᠭᠤᠷᠢᠭ 2024 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠳᠤ ᠣᠷᠣᠬᠤ ᠰᠤᠷᠤᠭᠴᠢᠳ ᠢ ᠺᠣᠮᠫᠢᠦ᠋ᠲ᠋ᠧᠷ  ᠢᠶᠠᠷ ᠢᠯᠡ  ᠪᠠᠶᠢᠷᠢ ᠲᠤᠭᠲᠠᠭᠠᠬᠤ  ᠶᠢᠨ ᠲᠦᠯᠦᠭᠡ ᠬᠤᠶᠠᠳᠤᠭᠠᠷ ᠳᠤᠮᠳᠠᠳᠤ ᠰᠤᠷᠭᠠᠭᠤᠯᠢ ᠳᠤ ᠢᠯᠡ ᠪᠠᠷ ᠬᠥᠮᠦᠨ ᠲᠣᠮᠢᠯᠠᠵᠤ᠂ ᠠᠯᠪᠠᠨ ᠠᠴᠠ ᠡᠷᠭᠢᠯᠡᠭᠰᠡᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠲᠣᠰ ᠤᠳᠠᠭᠠᠨ ᠤ ᠺᠣᠮᠫᠢᠦ᠋ᠲ᠋ᠧᠷ ᠺᠣᠮᠫᠢᠦ᠋ᠲ᠋ᠧᠷ  ᠢᠶᠠᠷ ᠢᠯᠡ  ᠪᠠᠶᠢᠷᠢ ᠲᠣᠮᠢᠯᠠᠵᠤ 52 ᠰᠣᠷᠣᠭᠴᠢ ᠶᠢ ᠠᠮᠵᠢᠯᠲᠠ ᠲᠠᠢ ᠪᠠᠷ ᠢᠯᠡ  ᠡᠯᠰᠡᠪᠡ᠃ᠲᠣᠰ ᠤᠳᠠᠭᠠᠨ ᠤ ᠺᠣᠮᠫᠢᠦ᠋ᠲ᠋ᠧᠷ  ᠢᠶᠠᠷ ᠢᠯᠡ  ᠪᠠᠶᠢᠷᠢ ᠲᠤᠮᠢᠯᠠᠬᠤ ᠨᠢ  ︽ᠬᠤᠶᠠᠷ ᠲᠥᠯᠥᠭᠡᠯᠡᠭᠴᠢ ᠨᠢᠭᠡ ᠭᠡᠰᠢᠭᠦᠨ ︾᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠤᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ ᠲᠣᠮᠢᠯᠠᠨ ᠰᠠᠭᠤᠯᠭᠠᠭᠰᠠᠨ ᠠᠵᠢᠯᠲᠠᠨ ᠵᠢᠴᠢ ᠬᠡᠷ ᠤᠨ ᠠᠬᠠᠮᠠᠳ ᠤᠨ ᠲᠥᠯᠥᠭᠡᠯᠡᠭᠴᠢ ᠶᠢᠨ ᠪᠥᠬᠦ ᠶᠠᠪᠤᠴᠠ ᠶᠢᠨ ᠬᠢᠨᠠᠯᠲᠠ ᠳᠣᠤᠷ᠎ᠠ ᠶᠠᠪᠤᠭᠳᠠᠵᠤ᠂ ᠲᠠᠰ ᠳᠠᠷᠠᠭᠠᠯᠠᠯ ᠢᠯᠡ ᠲᠣᠳᠣ᠂ ᠠᠵᠠ ᠲᠣᠬᠢᠶᠠᠯ᠂ ᠦᠷ᠎ᠡ ᠳ᠋ᠦᠩ ᠤᠨ ᠲᠥᠪ ᠭᠤᠤᠯᠴᠢ ᠪᠠᠶᠢᠬᠤ ᠶᠢ ᠦᠨᠡᠨ ᠬᠦ ᠪᠠᠲᠤᠯᠠᠪᠠ᠃    ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠶᠢ ᠠᠬᠢᠭᠤᠯᠬᠤ ᠪᠣᠯ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠮᠥᠨ᠂ ᠰᠢᠨ᠎ᠡ ᠰᠤᠷᠤᠭᠴᠢ ᠰᠤᠷᠭᠠᠭᠤᠯᠢ ᠳᠤ ᠣᠷᠣᠬᠤ ᠳᠤ ᠳᠠᠭᠠᠵᠤ ᠨᠡᠭᠦᠭᠰᠡᠨ ᠦᠷ᠎ᠡ ᠬᠡᠤᠬᠡᠳ ᠤᠨ ᠺᠣᠮᠫᠢᠦ᠋ᠲ᠋ᠧᠷ ᠢᠶᠠᠷ ᠪᠠᠶᠢᠷᠢ ᠲᠣᠮᠢᠯᠠᠬᠤ ᠪᠣᠯ ᠲᠡᠭᠦᠨ ᠤ ᠳᠣᠲᠣᠷᠠᠬᠢ ᠨᠢᠭᠡ ᠵᠦᠢᠯ ᠤᠨ ᠴᠢᠬᠤᠯᠠ ᠠᠷᠭ᠎ᠠ ᠬᠡᠮᠵᠢᠶ᠎ᠡ ᠮᠥᠨ᠃ ᠲᠣᠰ ᠤᠳᠠᠭᠠᠨ ᠤ ᠺᠣᠮᠫᠢᠦ᠋ᠲ᠋ᠧᠷ ᠢᠶᠠᠷ ᠣᠷᠣᠨ ᠪᠠᠶᠢᠷᠢ ᠶᠢ ᠨᠢ ︽ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ︾ ᠪᠠ ︽ᠬᠤᠶᠠᠷ ᠢᠶᠠᠷ ᠭᠤᠤᠯ ᠪᠣᠯᠭᠠᠵᠤ᠂ ᠬᠤᠶᠠᠷ ᠢ ᠣᠷᠣᠭᠤᠯᠬᠤ︾ ᠵᠠᠷᠴᠢᠮ ᠶᠣᠰᠣᠭᠠᠷ᠂ ᠣᠷᠣᠰᠢᠨ ᠰᠠᠭᠤᠬᠤ ᠦᠨᠡᠮᠯᠡᠯ ᠢᠶᠠᠷ ᠭᠤᠤᠯ ᠦᠨᠳᠦᠰᠦᠯᠡᠯ ᠪᠣᠯᠭᠠᠭᠰᠠᠨ ᠳᠠᠭᠠᠵᠤ ᠨᠡᠭᠦᠭᠰᠡᠨ ᠦᠷ᠎ᠡ ᠬᠡᠤᠬᠡᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠬᠦ ᠳᠠᠭᠠᠵᠤ ᠨᠡᠭᠦᠭᠰᠡᠨ ᠦᠷ᠎ᠡ ᠬᠡᠤᠬᠡᠳ ᠤᠨ ᠡᠷᠬᠡ ᠲᠡᠭᠰᠢ᠂ ᠠᠳᠠᠯᠢ ᠵᠡᠷᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠦᠨᠳᠦᠰᠦᠨ ᠣᠯᠠᠨ ᠨᠡᠶᠢᠲᠡ ᠶᠢᠨ ᠦᠢᠯᠡᠴᠢᠯᠡᠭᠡ ᠶᠢ ᠡᠳ᠋ᠯᠡᠬᠦ ᠶᠢ ᠦᠨᠡᠨᠬᠦ ᠪᠠᠲᠤᠯᠠᠨ᠎ᠠ᠃    ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠡᠨᠡ ᠵᠢᠯ ᠮᠠᠨ ᠤ  ᠲᠤᠭᠤᠷᠢᠭ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠰᠣᠷᠣᠭᠴᠢ ᠡᠯᠰᠡᠬᠦ ᠳᠤ ᠭᠠᠭᠴᠠ ᠰᠤᠷᠭᠠᠭᠤᠯᠢ ᠳᠤ ᠬᠡᠰᠡᠭ ᠬᠤᠪᠢᠶᠠᠬᠤ᠂ ᠣᠯᠠᠨ ᠰᠤᠷᠭᠠᠭᠤᠯᠢ ᠶᠢᠨ ᠬᠤᠯᠪᠣᠭᠠᠯᠠᠭᠰᠠᠨ ᠹᠢᠯᠢᠮ᠂ ᠺᠣᠮᠫᠢᠦ᠋ᠲ᠋ᠧᠷ ᠤᠨ ᠪᠠᠶᠢᠷᠢ ᠲᠣᠮᠢᠯᠠᠬᠤ ᠪᠠ ᠪᠦᠯᠦᠭᠯᠡᠯ ᠤᠨ ᠰᠤᠷᠭᠠᠭᠤᠯᠢ ᠰᠢᠭᠤᠳ ᠳᠡᠭᠡᠭᠰᠢᠯᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ᠂ ᠰᠣᠷᠣᠭᠴᠢ ᠨᠢᠭᠡᠪᠦᠷᠢ ᠳᠤ ᠡᠷᠬᠡ ᠲᠡᠭᠰᠢ ᠪᠠᠷ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠦᠨᠡᠨ ᠬᠦ ᠪᠠᠲᠤᠯᠠᠪᠠ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2