ᠵᠢᠨᠢᠩ ᠲᠣᠭᠤᠷᠢᠭ ᠤᠨ  ᠠᠷᠠᠳ ᠤᠨ ᠵᠠᠰᠠᠭ ᠤᠨ ᠣᠷᠳᠣᠨ 2024 ᠣᠨ ᠤ 15 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/21
    8 ᠰᠠᠷ᠎ᠠ ᠶᠢᠨ 20 ᠤ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠺᠠᠩ ᠬᠠᠢ ᠷᠦᠢ ᠲᠣᠭᠤᠷᠢᠭ ᠤᠨ ᠵᠠᠰᠠᠭ ᠤᠨ ᠣᠷᠳᠣᠨ ᠤ 2024 ᠣᠨ ᠤ 15 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 13 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠰᠢᠢᠳᠬᠡᠯ ᠤᠨ ᠬᠠᠤᠯᠢ︾ ᠶᠢ ᠤᠯᠠᠮᠵᠢᠯᠠᠨ ᠰᠤᠷᠤᠯᠴᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ  ᠨᠠᠢᠮᠠᠳᠤᠭᠠᠷ  ᠪᠥᠬᠦᠳᠡ ᠬᠤᠷᠠᠯ ᠤᠨ ᠠᠯᠪᠠᠨ ᠮᠡᠳᠡᠭᠡ ᠶᠢ ᠤᠯᠠᠮᠵᠢᠯᠠᠨ ᠰᠤᠷᠤᠯᠴᠠᠵᠤ ᠂ ᠥᠪᠡᠷᠲᠡᠭᠡᠨ ᠵᠠᠰᠠᠬᠤ ᠣᠷᠣᠨ ᠤ ᠰᠢᠶᠠᠨ ᠤ ᠱᠠᠲᠤᠨ ᠤ ︽ᠭᠤᠷᠪᠠ ᠶᠢ ᠪᠠᠲᠤᠯᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠲᠤᠬᠠᠶ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠮᠠᠨ ᠤ ᠲᠤᠭᠤᠷᠢᠭ ᠤᠨ ︽ᠭᠤᠷᠪᠠ ᠶᠢ ᠪᠠᠲᠤᠯᠠᠬᠤ︾ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠵᠢᠨᠢᠩ ᠲᠣᠭᠤᠷᠢᠭ ᠤᠨ ᠭᠠᠳᠠᠭᠠᠳᠤ ᠠᠷᠠᠯᠵᠢᠶ᠎ᠠ ᠪᠣᠯᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠬᠡᠷᠡᠭᠵᠢᠭᠦᠯᠬᠦ ᠲᠥᠰᠦᠯ︾ ᠵᠡᠷᠭᠡ ᠶᠢ ᠰᠤᠳᠤᠯᠤᠨ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠢᠮᠠᠭᠲᠠ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠲᠡᠭᠡᠭᠡᠪᠦᠷᠢ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠵᠡᠷᠭᠡ 7 ᠬᠦᠷᠢᠶᠡᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠬᠠᠤᠯᠢ ᠶᠣᠰᠣᠭᠠᠷ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ ᠢ ᠦᠨᠡᠨ ᠬᠦ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠣᠷᠣᠯᠴᠠᠬᠤ ᠡᠷᠴᠢᠮ ᠢᠶᠠᠨ ᠴᠢᠩᠭᠠᠷᠠᠭᠤᠯᠵᠤ᠂ ᠵᠠᠰᠠᠭ ᠵᠠᠬᠢᠷᠭᠠᠨ ᠤ ᠲᠠᠬᠢᠨ ᠵᠥᠪᠯᠡᠬᠦ ᠪᠠ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠳᠠᠨ ᠤ ᠲᠤᠰᠬᠠᠢ ᠰᠡᠳᠦᠪᠲᠦ ᠪᠣᠯᠪᠠᠰᠤᠷᠠᠯ ᠢ ᠴᠢᠩᠭᠠᠳᠬᠠᠵᠤ᠂ ᠮᠠᠨ ᠤ  ᠲᠤᠭᠤᠷᠢᠭ ᠤᠨ ᠬᠠᠤᠯᠢ ᠶᠣᠰᠣᠭᠠᠷ ᠵᠠᠰᠠᠭ ᠶᠠᠪᠤᠭᠤᠯᠬᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃  ᠡᠯ᠎ᠡ ᠰᠠᠯᠠᠭ᠎ᠠ ᠮᠥᠴᠢᠷ ᠡᠯ᠎ᠡ  ᠨᠢᠭᠡᠴᠢ ᠶᠢᠨ ᠬᠢᠨ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ  ᠨᠠᠢᠮᠠᠳᠤᠭᠠᠷ ᠪᠦᠬᠦᠳᠡ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠪᠣᠯᠣᠨ ᠳᠡᠭᠡᠳᠦ ᠱᠠᠲᠤᠨ ᠤ ︽ᠰᠢᠶᠠᠨ ᠤ ᠱᠠᠳᠤ︾ ᠭᠤᠷᠪᠠ ᠶᠢ ᠪᠠᠲᠤᠯᠠᠬᠤ ᠠᠵᠢᠯ ᠢ ᠰᠠᠶᠢᠲᠤᠷ ᠬᠢᠬᠦ ᠲᠤᠬᠠᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ  ᠲᠤᠭᠤᠰᠢᠯᠠᠭᠤᠯᠵᠤ᠂ ︽ᠭᠠᠮᠨᠠᠵᠤ ᠠᠮᠢᠳᠤᠷᠠᠬᠤ︾ ᠦᠵᠡᠯ ᠰᠠᠨᠠᠭ᠎ᠠ ᠶᠢ ᠴᠢᠨᠠᠭᠰᠢᠳᠠ ᠪᠠᠲᠤ ᠪᠤᠢ ᠪᠣᠯᠭᠠᠵᠤ᠂ ᠡᠩ ᠤᠨ ᠴᠢᠨᠠᠷᠲᠠᠢ ᠵᠠᠷᠤᠯᠭ᠎ᠠ ᠶᠢ ᠦᠷᠭᠦᠯᠵᠢᠯᠡᠨ ᠪᠠᠭᠠᠰᠬᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2