| | | | | | | | 8 ᠰᠠᠷ᠎ᠠ ᠶᠢᠨ 22 ᠤ ᠤᠷᠤᠢ᠂ ᠤᠯᠠᠭᠠᠨᠴᠠᠪ ᠤᠨ ︽ᠲᠠᠯ᠎ᠠ ᠨᠤᠲᠤᠭ ᠤᠨ ᠲᠣᠷᠭᠠᠨ ᠵᠠᠮ︾ ᠶᠢᠰᠦᠳᠦᠭᠡᠷ | ᠬᠤᠭᠤᠴᠠᠭᠠᠨ ᠤ ᠵᠢᠨᠢᠩ ᠤᠨ ᠣᠯᠠᠨ ᠤᠯᠤᠰ ᠤᠨ ᠠᠷᠠᠰᠤ ᠰᠢᠷᠢ ᠶᠢᠨ ᠨᠠᠶᠢᠷ ᠵᠢᠴᠢ ᠠᠷᠠᠳ ᠤᠨ ᠤᠳᠤᠳ | ᠲᠤᠭᠯᠠᠯᠠᠲᠠ ᠨᠢ ᠵᠢᠨᠢᠩ ᠣᠯᠠᠨ ᠤᠯᠤᠰ ᠤᠨ ᠠᠷᠠᠰᠤ ᠰᠢᠷᠢ ᠶᠢᠨ ᠬᠤᠲᠠ ᠳᠤ ᠶᠠᠪᠤᠭᠳᠠᠪᠠ᠃ | ᠳᠤᠮᠳᠠᠳᠤ ᠤᠯᠤᠰ ᠤᠨ ᠠᠷᠠᠰᠤ ᠰᠢᠷᠢ ᠶᠢᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠳ᠋ᠤᠸᠠᠨ ᠯᠢ ᠮᠢᠨ᠂ | ᠳᠤᠮᠳᠠᠳᠤ ᠤᠯᠤᠰ ᠤᠨ ᠠᠷᠠᠰᠤ ᠰᠢᠷᠢ ᠶᠢᠨ ᠨᠡᠶᠢᠭᠡᠮᠯᠢᠭ ᠤᠨ ᠳᠡᠳ᠋ ᠨᠠᠷᠢᠨ ᠪᠢᠴᠢᠭ ᠤᠨ ᠳᠠᠷᠤᠭ᠎ᠠ ᠬᠤᠸᠠᠩ ᠶᠠᠨ | ᠵᠢᠶᠧ᠂ ᠪᠦᠬᠦ ᠤᠯᠤᠰ ᠤᠨ ᠠᠷᠠᠰᠤ ᠰᠢᠷᠢ ᠶᠢᠨ ᠠᠵᠤ ᠦᠢᠯᠡᠳᠪᠦᠷᠢ ᠶᠢᠨ ᠪᠠᠷᠢᠮᠵᠢᠶᠠᠵᠢᠭᠤᠯᠤᠯᠲᠠ ᠶᠢᠨ | ᠮᠡᠷᠭᠡᠵᠢᠯ ᠤᠨ ᠵᠥᠪᠯᠡᠯ ᠤᠨ ᠰᠠᠩ ᠵᠢᠶᠦ᠋ᠨ᠂ ᠤᠯᠤᠰ ᠤᠨ ᠠᠷᠠᠰᠤ ᠰᠢᠷᠢ ᠰᠢᠯᠭᠠᠬᠤ ᠲᠥᠪ ᠤᠨ ᠡᠷᠬᠢᠯᠡᠭᠴᠢ ᠼᠦᠢ | ᠰᠢᠶᠠᠩ ᠵᠢᠶᠦ᠋ᠨ ᠵᠢᠴᠢ ᠬᠤᠳᠠ᠂ ᠲᠣᠭᠤᠷᠢᠭ ᠬᠤᠶᠠᠷ ᠱᠠᠲᠤᠨ ᠤ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ | ᠣᠷᠣᠯᠴᠠᠪᠠ᠃ | ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠵᠢᠨᠢᠩ | ᠲᠣᠭᠤᠷᠢᠭ ᠤᠨ ᠥᠪᠡᠷᠮᠢᠴᠡ ᠬᠥᠭᠵᠢᠯᠲᠡ ᠶᠢᠨ ᠳᠠᠪᠠᠭᠤᠯᠢᠭ ᠪᠣᠯᠤᠨ ᠭᠦᠨ ᠵᠤᠵᠠᠭᠠᠨ ᠠᠷᠠᠰᠤ ᠰᠢᠷᠢ ᠶᠢᠨ ᠰᠣᠶᠣᠯ ᠢ | ᠪᠦᠬᠦ ᠲᠠᠯ᠎ᠠ ᠪᠠᠷ ᠲᠠᠨᠢᠯᠴᠠᠭᠤᠯᠤᠭᠰᠠᠨ ᠪᠥᠭᠡᠳ ᠲᠤᠰ ᠬᠤᠭᠤᠴᠠᠭᠠᠨ ᠤ ᠤᠯᠠᠨ ᠤᠯᠤᠰ ᠤᠨ ᠠᠷᠠᠰᠤ ᠰᠢᠷᠢ ᠶᠢᠨ | ᠨᠠᠶᠢᠷ ᠢᠶᠠᠷ ᠲᠠᠮᠵᠢᠨ ᠵᠢᠨᠢᠩ ᠤᠨ ᠠᠷᠠᠰᠤ ᠰᠢᠷᠢ ᠶᠢᠨ ᠰᠣᠶᠣᠯ ᠢ ᠨᠡᠩ ᠤᠯᠠᠨ ᠬᠥᠮᠦᠰ ᠲᠤ ᠣᠶᠢᠯᠠᠭᠠᠭᠤᠯᠵᠤ᠂ | ᠵᠢᠨᠢᠩ ᠤᠨ ᠵᠢᠭᠤᠯᠴᠢᠯᠠᠯ ᠤᠨ ᠬᠡᠷᠡᠭᠯᠡᠭᠡ ᠶᠢ ᠨᠡᠩ ᠤᠯᠠᠨ ᠣᠶᠢᠯᠠᠭᠠᠭᠤᠯᠵᠤ᠂ ᠪᠡᠯᠡ ᠣᠷᠣᠭᠤᠯᠤᠨ ᠦᠢᠯᠡᠰ | ᠪᠤᠰᠬᠠᠬᠤ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃ | ᠠᠵᠢᠯ ᠲᠥᠷᠥᠯ ᠤᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠵᠢᠨᠢᠩ ᠤᠨ ᠣᠯᠠᠨ ᠤᠯᠤᠰ ᠤᠨ ᠠᠷᠠᠰᠤ | ᠰᠢᠷᠢ ᠶᠢᠨ ᠬᠤᠲᠠ ᠨᠢ ᠳᠤᠮᠳᠠᠳᠤ ᠤᠯᠤᠰ ᠤᠨ ᠤᠮᠠᠷᠠᠲᠤ ᠣᠷᠣᠨ ᠤ ᠨᠥᠯᠥᠭᠡᠯᠡᠬᠦ ᠬᠦᠴᠦᠨ ᠲᠠᠢ ᠠᠷᠠᠰᠤ ᠰᠢᠷᠢ ᠶᠢᠨ | ᠲᠤᠰᠬᠠᠶ ᠵᠠᠬ᠎ᠠ ᠳᠡᠯᠭᠡᠭᠦᠷ ᠤᠨ ᠨᠢᠭᠡ ᠪᠣᠯᠤᠭᠰᠠᠨ ᠤ ᠬᠤᠪᠢ ᠳᠤ᠂ ᠵᠢᠨᠢᠩ ᠴᠢᠨᠠᠭᠰᠢᠯᠠᠪᠠᠯ ᠤᠮᠠᠷᠠᠲᠤ ᠣᠷᠣᠨ ᠤ | ᠠᠷᠠᠰᠤ ᠰᠢᠷᠢ ᠶᠢᠨ ᠠᠵᠤ ᠦᠶᠯᠡᠰ ᠤᠨ ᠬᠡᠷᠡᠯ ᠰᠠᠴᠤᠷᠠᠩᠭᠤᠶ ᠪᠠ ᠬᠦᠰᠡᠯ ᠵᠡᠭᠦᠳᠦ ᠶᠢ ᠠᠴᠢᠶᠠᠯᠠᠵᠤ ᠪᠠᠶᠢᠳᠠᠭ᠂ | ᠲᠣᠰ ᠤᠳᠠᠭᠠᠨ ᠤ ᠣᠯᠠᠨ ᠤᠯᠤᠰ ᠤᠨ ᠠᠷᠠᠰᠤ ᠰᠢᠷᠢ ᠶᠢᠨ ᠨᠠᠶᠢᠷ ᠢ ᠡᠷᠬᠢᠯᠡᠭᠰᠡᠨ ᠨᠢ ᠠᠵᠢᠯ ᠲᠥᠷᠥᠯ ᠤᠨ ᠬᠢᠨ ᠳᠤ | ᠰᠣᠯᠢᠯᠴᠠᠭ᠎ᠠ ᠬᠠᠮᠲᠤᠷᠠᠯᠴᠠᠭᠠᠨ ᠤ ᠲᠠᠪᠴᠠᠩ ᠬᠠᠩᠭᠠᠭᠰᠠᠨ ᠢᠶᠠᠷ ᠪᠠᠷᠠᠬᠤ ᠥᠬᠡᠶ᠂ ᠨᠠᠩ ᠴᠤ ᠳᠤᠮᠳᠠᠳᠤ ᠤᠯᠤᠰ ᠤᠨ | ᠠᠷᠠᠰᠤ ᠰᠢᠷᠢ ᠶᠢᠨ ᠠᠵᠤ ᠦᠶᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠢᠳᠡᠪᠬᠢᠲᠡᠶ | ᠦᠶᠯᠡᠳᠦᠯ ᠦᠵᠡᠭᠦᠯᠦᠭᠰᠡᠨ ᠪᠠᠶᠢᠨ᠎ᠠ᠃ | ᠳᠠᠷᠠᠭ᠎ᠠ ᠨᠢ᠂ ᠵᠢᠨᠢᠩ ᠤᠨ ᠤᠯᠠᠨ ᠤᠯᠤᠰ ᠤᠨ ᠠᠷᠠᠰᠤ ᠰᠢᠷᠢ ᠶᠢᠨ ᠬᠤᠳᠠ ᠨᠢ 2024 - 2025 | ᠣᠨ ᠤ ᠨᠠᠮᠤᠷ ᠡᠪᠦᠯ ᠤᠨ ᠰᠢᠨ᠎ᠡ ᠪᠦᠲᠦᠭᠡᠭᠳᠡᠬᠦᠨ ᠤ ᠰᠢᠨ᠎ᠡ ᠤᠷᠠᠯᠠᠯ᠂ ᠰᠢᠨ᠎ᠡ ᠬᠡᠯᠪᠡᠷᠢ ᠶᠢ ᠲᠥᠪᠯᠡᠷᠡᠭᠦᠯᠦᠨ | ᠳᠡᠯᠭᠡᠨ ᠦᠵᠡᠭᠦᠯᠵᠡᠶ᠃ ᠨᠡᠶᠢᠲᠡ ᠶᠢᠨ ᠠᠰᠠᠷᠠᠮᠵᠢ ᠶᠢᠨ ᠠᠷᠠᠳ ᠲᠤ ᠠᠰᠢᠭ ᠬᠦᠷᠲᠡᠭᠡᠬᠦ ᠲᠣᠭᠯᠠᠯᠲᠠ ᠳᠤ᠂ ᠳ᠋ᠠᠢ ᠭᠧ | ᠂ ᠵᠤᠤ ᠰᠢᠤᠸᠠᠢ ᠹᠸᠢ᠂ ᠠᠨ ᠢᠦᠢ ᠴᠢ ᠪᠢᠨ ᠵᠡᠷᠭᠡ ᠤᠯᠠᠨ ᠤᠳᠤᠳ ᠪᠠ ᠪᠦᠬᠦ ᠤᠯᠤᠰ ᠤᠨ ᠡᠯ᠎ᠡ ᠭᠠᠵᠠᠷ ᠠᠴᠠ | ᠢᠷᠡᠭᠰᠡᠨ ᠵᠤᠴᠢᠳ᠂ ᠤᠯᠠᠨ ᠲᠦᠮᠡᠨ ᠤ ᠬᠦᠷᠢᠶᠡᠯᠡᠯ ᠢ ᠣᠯᠤᠭᠰᠠᠨ ᠤᠳᠤᠨ ᠤᠷᠠᠯᠢᠬᠴᠢᠨ ᠲᠤᠭᠯᠠᠯᠲᠠ | ᠳᠡᠪᠰᠢᠭᠦᠯᠪᠡ᠃ | ᠣᠶᠢᠷ᠎ᠠ ᠶᠢᠨ ᠵᠢᠯ ᠳᠤ᠂ ᠵᠢᠨᠢᠩ ᠲᠣᠭᠤᠷᠢᠭ ᠣᠷᠣᠨ ᠪᠠᠶᠢᠷᠢ ᠂ ᠵᠠᠮ ᠬᠠᠷᠢᠯᠴᠠᠭ᠎ᠠ ᠪᠣᠯᠤᠨ ᠬᠥᠮᠦᠨ | ᠠᠮᠠ ᠶᠢᠨ ᠲᠥᠪᠯᠡᠷᠡᠯ ᠤᠨ ᠳᠠᠪᠠᠭᠤᠯᠢᠭ ᠢᠶᠠᠨ ᠭᠦᠶᠴᠡᠳ ᠪᠠᠳᠠᠷᠠᠭᠤᠯᠵᠤ᠂ ᠠᠷᠠᠰᠤ ᠰᠢᠷᠢ ᠶᠢᠨ ᠠᠵᠤ ᠦᠶᠯᠡᠰ ᠤᠨ | ᠰᠠᠭᠤᠷᠢ ᠳᠤ ᠰᠠᠭᠤᠷᠢᠯᠠᠨ᠂ ᠣᠶᠤᠨ ᠴᠢᠳᠠᠯ ᠢᠶᠠᠨ ᠲᠥᠪᠯᠡᠷᠡᠭᠦᠯᠦᠨ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠵᠤ | ᠂ ᠦᠶᠯᠡᠳᠬᠦᠨ ᠤ ᠬᠠᠩᠭᠠᠯᠭ᠎ᠠ ᠶᠢ ᠪᠠᠶᠠᠯᠢᠭᠵᠢᠭᠤᠯᠤᠨ᠂ ᠲᠤᠰᠬᠠᠶ ᠵᠠᠬ᠎ᠠ ᠳᠡᠯᠭᠡᠭᠦᠷ ᠢ ᠪᠤᠵᠠᠭᠠᠶᠢᠷᠠᠭᠤᠯᠵᠤ᠂ ᠶᠠᠰᠤ | ᠴᠢᠨᠠᠷ ᠢ ᠳᠡᠭᠡᠭᠰᠢᠯᠡᠭᠦᠯᠦᠨ᠂ ᠨᠠᠷᠠᠲᠤ ᠲᠡᠮᠳᠡᠭ ᠢ ᠱᠤᠭᠤᠵᠤ᠂ ᠦᠶᠯᠡᠴᠢᠯᠡᠭᠡ ᠶᠢ ᠰᠢᠯᠢᠳᠡᠭᠵᠢᠭᠦᠯᠵᠦ᠂ ᠠᠷᠠᠰᠤ | ᠰᠢᠷᠢ ᠶᠢᠨ ᠠᠵᠤ ᠦᠶᠯᠡᠰ ᠲᠤ ᠴᠡᠴᠡᠭᠯᠡᠨ ᠬᠥᠭᠵᠢᠭᠰᠡᠨ ᠬᠥᠭᠵᠢᠯᠲᠡ ᠶᠢᠨ ᠪᠠᠶᠢᠳᠠᠯ ᠢᠯᠡᠷᠡᠪᠡ᠃ ᠡᠳᠦᠭᠡ᠂ | ᠵᠢᠨᠢᠩ ᠤᠨ ᠤᠯᠠᠨ ᠤᠯᠤᠰ ᠤᠨ ᠠᠷᠠᠰᠤ ᠰᠢᠷᠢ ᠶᠢᠨ ᠬᠤᠳᠠ ᠨᠢ ᠨᠢᠭᠡᠨᠲᠡ ᠤᠮᠠᠷᠠᠲᠤ ᠣᠷᠣᠨ ᠤ ᠪᠣᠷᠣᠯᠠᠭᠤᠯᠬᠤ | ᠬᠡᠮᠵᠢᠶ᠎ᠡ᠂ ᠬᠤᠣᠰ ᠲᠡᠷᠢᠭᠦᠨ ᠤ ᠠᠷᠠᠰᠤ ᠰᠢᠷᠢ ᠶᠢᠨ ᠬᠤᠳᠠᠯᠳᠤᠭᠠᠨ ᠤ ᠲᠥᠪ ᠪᠤᠯᠵᠤ᠂ ︽ᠲᠠᠪᠤᠨ ᠣᠳᠣᠨ | ᠲᠡᠰ ᠤᠨ ᠲᠤᠰᠬᠠᠢ ᠵᠠᠬ᠎ᠠ ᠳᠡᠯᠭᠡᠭᠦᠷ︾᠂ ︽ᠪᠦᠬᠦ ᠤᠯᠤᠰ ᠤᠨ ᠦᠢᠯᠡᠰ ᠪᠤᠰᠬᠠᠬᠤ ᠶᠢ ᠨᠡᠪᠴᠢᠭᠦᠯᠬᠦ ᠵᠢᠱᠢᠶ᠎ᠡ | ᠦᠵᠡᠭᠦᠯᠬᠦ ᠰᠠᠭᠤᠷᠢᠨ︾ ᠵᠡᠷᠭᠡ ᠤᠯᠠᠨ ᠵᠦᠢᠯ ᠤᠨ ᠤᠯᠤᠰ ᠤᠨ ᠨᠡᠷᠡᠲᠦ ᠲᠡᠮᠳᠡᠭ ᠤᠨ ᠢᠷᠠᠭᠤ ᠠᠯᠳᠠᠷ ᠢ ᠬᠦᠷᠲᠡᠵᠦ | ᠂ ᠣᠳᠣᠬᠠᠨ ᠤ ᠤᠯᠠᠭᠠᠨᠴᠠᠪ ᠤᠨ ᠠᠷᠠᠰᠤ ᠰᠢᠷᠢ ᠶᠢᠨ ᠠᠵᠤ ᠦᠢᠯᠡᠰ ᠤᠨ ᠲᠦᠷᠭᠡᠨ ᠬᠥᠭᠵᠢᠯᠲᠡ ᠶᠢᠨ ᠦᠨᠡᠨ | ᠪᠣᠳᠠᠲᠠᠢ ᠵᠢᠷᠤᠭᠯᠠᠯ ᠪᠣᠯᠵᠠᠢ᠃ ᠲᠣᠰ ᠬᠤᠭᠤᠴᠠᠭᠠᠨ ᠤ ᠠᠷᠠᠰᠤ ᠰᠢᠷᠢ ᠶᠢᠨ ᠨᠠᠶᠢᠷ ᠨᠢ ᠡᠮᠦᠨ᠎ᠡ ᠬᠡᠳᠦᠨ | ᠬᠤᠭᠤᠴᠠᠭᠠᠨ ᠤ ᠬᠤᠷᠠᠯ ᠡᠷᠭᠢᠯᠡᠭᠰᠡᠨ ᠲᠤᠷᠰᠢᠯᠭ᠎ᠠ ᠶᠢᠨ ᠰᠠᠭᠤᠷᠢᠨ ᠳᠡᠭᠡᠷ᠎ᠡ᠂ ᠰᠢᠨ᠎ᠡ ᠪᠦᠲᠦᠭᠡᠭᠳᠡᠬᠦᠨ ᠨᠡᠶᠢᠲᠡᠯᠡᠬᠦ᠂ | ᠣᠯᠠᠨ ᠤᠳᠤᠳ ᠤᠨ ᠳᠠᠭᠤᠤ ᠶᠢᠨ ᠴᠤᠭᠯᠠᠭᠠᠨ᠂ ᠶᠠᠷᠢᠶᠠᠨ ᠤ ᠲᠠᠪᠴᠠᠩ ᠵᠢᠴᠢ ᠬᠤᠳᠠᠯᠳᠤᠭᠠᠨ ᠤ ᠶᠠᠪᠤᠳᠠᠯ ᠤᠨ | ᠵᠥᠪᠳᠡᠯᠴᠡᠭᠡ ᠵᠡᠷᠭᠡ ᠣᠯᠠᠨ ᠭᠤᠭᠴᠤᠭ᠎ᠠ ᠶᠢ ᠳᠣᠭᠢᠷᠠᠭᠤᠯᠵᠤ᠂ ᠪᠦᠲᠦᠭᠡᠭᠳᠡᠬᠦᠨ ᠨᠢ ᠨᠠᠩ ᠰᠢᠨ᠎ᠡ ᠤᠷᠤᠰᠬᠠᠯ᠂ | ᠠᠭᠤᠯᠭ᠎ᠠ ᠨᠢ ᠨᠠᠩ ᠪᠠᠶᠠᠯᠢᠭ᠂ ᠬᠡᠯᠪᠡᠷᠢ ᠨᠢ ᠨᠠᠩ ᠣᠯᠠᠨ ᠶᠠᠩᠵᠤ ᠶᠢᠨ ᠪᠣᠯᠵᠣ᠂ ᠵᠢᠨᠢᠩ ᠤᠨ ᠠᠷᠠᠰᠤ ᠰᠢᠷᠢ ᠶᠢᠨ | ᠪᠦᠲᠦᠭᠡᠭᠳᠡᠬᠦᠨ ᠤ ᠪᠦᠲᠦᠴᠡ ᠶᠢ ᠰᠢᠯᠢᠳᠡᠭᠵᠢᠭᠦᠯᠬᠦ᠂ ᠬᠡᠷᠡᠭᠯᠡᠭᠡ ᠶᠢ ᠲᠠᠰ ᠳᠡᠪᠰᠢᠭᠦᠯᠬᠦ ᠶᠢ ᠤᠯᠠᠮ ᠨᠢᠭᠡ ᠠᠯᠬᠤᠮ | ᠠᠬᠢᠭᠤᠯᠵᠤ᠂ ᠠᠷᠠᠰᠤ ᠰᠢᠷᠢ ᠶᠢᠨ ᠠᠵᠤ ᠦᠢᠯᠡᠰ ᠪᠠ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ | ᠬᠥᠭᠵᠢᠬᠦ ᠶᠢ ᠠᠬᠢᠭᠤᠯᠵᠤ᠂ ᠳᠥᠷᠪᠡᠨ ᠤᠯᠠᠷᠢᠯ ᠤᠨ ᠵᠢᠭᠤᠯᠴᠢᠯᠠᠯ ᠤᠨ ᠪᠠᠷᠠᠭ᠎ᠠ ᠬᠤᠳᠠᠯᠳᠤᠨ ᠠᠪᠬᠤ ᠬᠡᠷᠡᠭᠯᠡᠭᠡᠨ ᠤ | ᠰᠢᠨ᠎ᠡ ᠬᠠᠯᠠᠮᠰᠢᠯ ᠴᠡᠭ ᠢ ᠪᠣᠶ ᠪᠣᠯᠭᠠᠵᠤ᠂ ᠭᠠᠵᠠᠷ ᠣᠷᠣᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ | ᠰᠢᠨ᠎ᠡ ᠬᠥᠳᠡᠯᠭᠡᠬᠦ ᠬᠦᠴᠦᠨ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠶᠢᠨ ᠲᠥᠯᠥᠭᠡ ᠶᠤᠮ᠃ | ᠨᠠᠶᠢᠷᠠᠭᠤᠯᠤᠭᠴᠢ᠄ ᠸᠠᠩ ᠵᠢᠩ ᠵᠢᠩ | ᠤᠷᠴᠢᠭᠤᠯᠤᠭᠴᠢ᠄ ᠲᠤᠶᠠᠭ᠎ᠠ | |