| | 8 ᠰᠠᠷ᠎ᠠ ᠶᠢᠨ 27 ᠤ ᠡᠳᠦᠷ᠂ 2024 ᠣᠨ ᠤ ᠵᠢᠨᠢᠩ ᠲᠣᠭᠤᠷᠢᠭ ᠤᠨ ᠨᠡᠶᠢᠭᠡᠮ ᠲᠣᠭᠤᠷᠢᠭ ᠤᠨ ᠲᠤᠰᠬᠠᠢ | ᠲᠤᠰᠢᠶᠠᠯᠲᠤ ᠠᠵᠢᠯᠳᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠬᠢ ᠬᠤᠳᠠᠯᠳᠤᠭᠠᠨ ᠤ ᠶᠠᠪᠤᠳᠠᠯ ᠤᠨ | ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠲᠥᠪ ᠤᠨ A6 ᠳ᠋ᠤᠭᠠᠷ ᠠᠰᠠᠷ ᠲᠤ ᠬᠢᠴᠢᠶᠡᠯ ᠡᠬᠢᠯᠡᠪᠡ᠃ | ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠫᠷᠤᠹᠧᠰᠰᠤᠷ᠂ ᠳ᠋ᠣᠺᠲ᠋ᠣᠷ ᠠᠰᠫᠢᠷᠠᠨᠲ ᠤᠨ | ᠵᠢᠯᠣᠭᠤᠳᠣᠭᠴᠢ ᠪᠠᠭᠰᠢ ᠸᠧᠶ ᠰᠢᠶᠠ ᠶᠢ ᠤᠷᠢᠵᠤ ᠬᠢᠴᠢᠶᠡᠯ ᠣᠷᠣᠭᠤᠯᠪᠠ᠃ ᠸᠧᠶ ᠰᠢᠶᠠ ᠨᠡᠶᠢᠭᠡᠮ ᠤᠨ | ᠠᠵᠢᠯᠲᠠᠨ ᠤ ᠶᠣᠰᠣ ᠰᠤᠷᠲᠠᠬᠤᠨ ᠬᠢᠭᠡᠳ ᠥᠷᠲᠡᠭ ᠤᠨ ᠦᠵᠡᠯᠲᠡ᠂ ᠨᠡᠶᠢᠭᠡᠮ ᠤᠨ ᠠᠵᠢᠯ ᠤᠨ ᠣᠨᠣᠯ ᠪᠣᠯᠤᠨ | ᠠᠷᠭ᠎ᠠ᠂ ᠨᠡᠶᠢᠭᠡᠮ ᠤᠨ ᠠᠵᠢᠯ ᠤᠨ ᠪᠣᠳᠠᠲᠤ ᠶᠠᠪᠤᠳᠠᠯ ᠤᠨ ᠬᠡᠪ ᠵᠠᠭᠪᠤᠷ ᠪᠣᠯᠤᠨ ᠶᠠᠪᠤᠴᠠ ᠵᠡᠷᠭᠡ ᠲᠠᠯ᠎ᠠ ᠪᠠᠷ ᠨᠠᠷᠢᠨ | ᠲᠠᠶᠢᠯᠤᠮᠵᠢ ᠬᠢᠪᠡ᠃ ᠪᠣᠯᠪᠠᠰᠤᠷᠠᠭᠤᠯᠤᠯ ᠨᠢ ᠣᠨᠣᠯ ᠢᠶᠠᠷ ᠰᠠᠭᠤᠷᠢ ᠪᠣᠯᠭᠠᠵᠤ᠂ ᠬᠡᠷᠡᠭ ᠤᠨ ᠵᠢᠱᠢᠶ᠎ᠡ ᠪᠠᠷ ᠵᠠᠳᠠᠯᠤᠯᠲᠠ | ᠬᠢᠵᠦ᠂ ᠨᠡᠶᠢᠭᠡᠮ ᠤᠨ ᠠᠵᠢᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠬᠤ ᠠᠴᠠ ᠡᠭᠦᠰᠴᠦ᠂ ᠨᠡᠶᠢᠭᠡᠮ ᠤᠨ | ᠠᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠬᠤ ᠪᠠᠷ ᠭᠠᠷᠳᠠᠨ ᠬᠢᠬᠦ ᠴᠡᠭ ᠪᠣᠯᠭᠠᠵᠤ᠂ ᠨᠡᠶᠢᠭᠡᠮ ᠤᠨ ᠠᠵᠢᠯᠲᠠᠨ | ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠨᠡᠶᠢᠭᠡᠮ ᠲᠣᠭᠤᠷᠢᠭ ᠤᠨ ᠦᠢᠯᠡᠴᠢᠯᠡᠭᠡ᠂ ᠦᠨᠳᠦᠰᠦᠨ | ᠱᠠᠲᠤᠨ ᠤ ᠵᠠᠰᠠᠯᠲᠠ ᠵᠡᠷᠭᠡ ᠠᠵᠢᠯ ᠳᠤ ᠣᠷᠣᠯᠴᠠᠬᠤ ᠳᠤᠮᠳᠠ᠂ ᠲᠤᠰᠬᠠᠶ ᠮᠡᠷᠭᠡᠵᠢᠯ ᠤᠨ ᠮᠡᠳᠡᠯᠭᠡ ᠶᠢᠨ | ᠬᠡᠷᠡᠭᠯᠡᠯᠲᠡ ᠶᠢ ᠴᠢᠬᠤᠯᠠᠴᠢᠯᠠᠵᠤ᠂ ᠣᠯᠠᠨ ᠢ ᠬᠠᠪᠰᠤᠷᠤᠨ ᠰᠡᠳᠬᠢᠬᠦ ᠳᠤ ᠵᠣᠬᠢᠴᠠᠭᠤᠯᠬᠤ ᠶᠢᠨ ᠬᠠᠮᠲᠤ | ᠰᠡᠳᠬᠢᠮᠵᠢ ᠶᠢ ᠨᠢ ᠲᠣᠳᠣᠷᠬᠠᠶᠢᠯᠠᠵᠤ᠂ ᠬᠠᠷᠠᠭ᠎ᠠ ᠶᠢ ᠨᠢ ᠥᠷᠭᠡᠳᠬᠡᠨ᠂ ᠴᠢᠳᠠᠪᠤᠷᠢ ᠶᠢ ᠨᠢ ᠳᠡᠭᠡᠭᠰᠢᠯᠡᠭᠦᠯᠵᠦ᠂ | ᠨᠡᠶᠢᠭᠡᠮ ᠲᠣᠭᠤᠷᠢᠭ ᠤᠨ ᠠᠵᠢᠯ ᠳᠤ ᠨᠠᠩ ᠲᠦᠷᠭᠡᠨ ᠨᠠᠩ ᠰᠠᠶᠢᠲᠤᠷ ᠠᠭᠤᠰᠤᠯᠴᠠᠬᠤ ᠶᠢᠨ ᠲᠥᠯᠥᠭᠡ ᠶᠤᠮ᠃ | ᠪᠣᠯᠪᠠᠰᠤᠷᠠᠯ ᠨᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠡᠨᠡ ᠵᠢᠯ ᠤᠨ ᠰᠢᠨ᠎ᠡ ᠪᠠᠷ ᠡᠯᠰᠡᠭᠰᠡᠨ | ᠨᠡᠶᠢᠭᠡᠮ ᠲᠣᠭᠤᠷᠢᠭ ᠤᠨ ᠲᠤᠰᠬᠠᠶ ᠠᠵᠢᠯᠲᠠᠨ ᠪᠣᠯᠤᠨ 80 ᠨᠡᠶᠢᠭᠡᠮ ᠲᠣᠭᠤᠷᠢᠭ ᠤᠨ ᠳᠡᠳ᠋ ᠱᠦᠵᠢ | ᠪᠣᠯᠪᠠᠰᠤᠷᠠᠯ ᠳᠤ ᠣᠷᠣᠯᠴᠠᠪᠠ᠃ | |