ᠵᠠᠩ ᠶᠦᠩ ᠸᠧᠨ ᠮᠠ ᠯᠢᠶᠠᠨ ᠴᠢᠦᠢ ᠰᠢᠶᠠᠩ ᠳᠤ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠪᠠ
ᠨᠡᠶᠢᠲᠡᠯᠡᠭᠰᠡᠨ ᠴᠠᠭ᠄
2024/8/28
705470.jpg
    8 ᠰᠠᠷ᠎ᠠ ᠶᠢᠨ 27 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠮᠠ ᠯᠢᠶᠠᠨ ᠴᠢᠦᠢ ᠰᠢᠶᠠᠩ ᠳᠤ ᠬᠦᠷᠴᠦ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ᠃    ᠵᠠᠩ ᠶᠦᠩ ᠸᠧᠨ ᠮᠠ ᠯᠢᠶᠠᠨ ᠴᠢᠦᠢ ᠰᠢᠶᠠᠩ ᠤᠨ ᠳ᠋ᠠ ᠱᠢ ᠬᠤᠤ ᠲᠣᠰᠬᠤᠨ ᠳᠤ᠂  ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ᠂ ᠲᠣᠰᠬᠤᠨ ᠤ ᠠᠷᠠᠳ ᠤᠨ ᠲᠥᠯᠥᠭᠡᠯᠡᠭᠴᠢᠳ ᠲᠠᠢ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠲᠣᠭᠤᠷᠢᠨ ᠳᠤ᠂ ᠰᠡᠳᠬᠢᠯ ᠤᠨ ᠦᠭᠡ ᠪᠠᠨ  ᠶᠠᠷᠢᠯᠴᠠᠪᠠ᠃ ᠲᠡᠷᠡ ᠬᠡᠯᠡᠭᠰᠡᠨ ᠨᠢ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠢ ᠪᠦᠬᠦ ᠲᠠᠯ᠎ᠠ ᠪᠠᠷ ᠠᠬᠢᠭᠤᠯᠬᠤ ᠵᠠᠩᠭᠢᠯᠠᠭ᠎ᠠ ᠶᠢᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠪᠦᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠶᠡᠷᠦᠩᠬᠡᠢ ᠱᠦᠵᠢ ᠰᠢ ᠶᠢᠨ ᠫᠢᠩ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠲᠠᠢ ᠤᠶᠠᠯᠳᠤᠭᠤᠯᠵᠤ᠂ ᠲᠡᠭᠦᠨ ᠳᠤ ᠠᠭᠤᠯᠤᠭᠳᠠᠵᠤ ᠪᠠᠶᠢᠭ᠎ᠠ ᠶᠢᠷᠲᠢᠨᠴᠦ ᠶᠢᠨ ᠦᠵᠡᠯᠲᠡ ᠪᠣᠯᠤᠨ ᠠᠷᠭ᠎ᠠ ᠶᠢᠨ ᠤᠨᠤᠯ ᠢ ᠭᠦᠨᠵᠡᠭᠡᠢ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ᠂ ᠣᠨᠣᠪᠴᠢᠲᠠᠢ ᠡᠵᠡᠮᠳᠡᠬᠦ ᠬᠡᠷᠡᠭᠲᠡᠢ᠃ ︽ᠲᠣᠭᠲᠠᠭᠠᠯ︾ ᠤᠨ ᠠᠭᠤᠯᠭ᠎ᠠ ᠲᠠᠢ ᠨᠢᠭᠲᠠ ᠤᠶᠠᠯᠳᠤᠭᠤᠯᠤᠨ᠂ ᠲᠤᠰ ᠲᠤᠰ ᠤᠨ ᠠᠵᠢᠯ ᠤᠨ ᠬᠦᠷᠢᠶᠡᠨ ᠳᠤ ᠬᠤᠯᠪᠣᠭᠳᠠᠬᠤ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠣᠨᠣᠪᠴᠢᠲᠠᠢ ᠤᠶᠢᠯᠠᠭᠠᠨ ᠡᠵᠡᠮᠰᠢᠵᠦ᠂ ᠤᠬᠠᠮᠰᠠᠷ ᠠᠴᠠ ᠪᠠᠨ ᠦᠢᠯᠡᠳᠦᠯᠭᠡ ᠶᠢ ᠵᠢᠯᠣᠭᠤᠳᠬᠤ ᠳᠤ ᠬᠡᠷᠡᠭᠯᠡᠬᠦ ᠬᠡᠷᠡᠭᠲᠡᠢ᠃ ᠲᠦᠷᠦᠭᠦᠯᠡᠨ ᠤᠯᠠᠨ ᠲᠦᠮᠡᠨ ᠤ ᠳᠡᠷᠭᠡᠳᠡ ᠭᠦᠨᠵᠡᠭᠡᠶᠢᠷᠡᠵᠦ᠂ ᠲᠠᠷᠢᠶᠠᠨ ᠭᠠᠵᠠᠷ ᠲᠤ ᠬᠦᠷᠴᠦ ᠤᠬᠠᠭᠤᠯᠤᠨ ᠲᠠᠶᠢᠯᠪᠤᠷᠢᠯᠠᠵᠤ᠂ ᠠᠷᠠᠳ ᠤᠯᠠᠨ ᠤ ᠦᠵᠡᠵᠦ ᠰᠣᠨᠣᠰᠬᠤ ᠳᠤᠷᠠᠲᠠᠢ ᠠᠷᠭ᠎ᠠ ᠬᠡᠯᠪᠡᠷᠢ ᠪᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠲᠣᠳᠣᠷᠬᠠᠢ ᠶᠠᠷᠢᠵᠤ᠂ ᠪᠣᠳᠠᠲᠤ ᠶᠠᠪᠤᠳᠠᠯ ᠢ ᠲᠣᠳᠣᠷᠬᠠᠢ ᠶᠠᠷᠢᠵᠤ᠂ ᠤᠯᠠᠨ ᠳᠤ ᠥᠨᠥᠳᠦᠷ ᠤᠨ ᠵᠣᠯ ᠵᠢᠷᠭᠠᠯᠲᠤ ᠠᠮᠢᠳᠤᠷᠠᠯ ᠪᠣᠯ ᠬᠠᠮᠢᠭ᠎ᠠ ᠠᠴᠠ ᠢᠷᠡᠭᠰᠡᠨ᠂ ᠶᠠᠭᠤᠨ ᠳᠤ ᠡᠶᠢᠮᠦ ᠶᠡᠭᠡ ᠬᠤᠪᠢᠷᠠᠯᠲᠠ ᠲᠠᠢ ᠪᠣᠯᠤᠭᠰᠠᠨ᠂ ᠬᠤᠶᠢᠰᠢᠳᠠ ᠥᠭᠡᠷᠡᠴᠢᠯᠡᠯᠲᠡ ᠶᠢ ᠤᠯᠠᠮ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠦᠨᠡᠨᠬᠦ ᠭᠦᠨᠵᠡᠭᠡᠢ ᠣᠶᠢᠯᠠᠭᠠᠭᠤᠯᠵᠤ᠂ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠪᠦᠬᠦᠳᠡ ᠬᠤᠷᠠᠯ ᠤᠨ ᠵᠣᠷᠢᠭ ᠰᠠᠨᠠᠭᠠᠨ ᠤ ᠭᠤᠣᠯ ᠴᠢᠬᠤᠯᠠ ᠠᠭᠤᠯᠭ᠎ᠠ ᠶᠢ ᠨᠡᠩ ᠰᠠᠶᠢᠲᠤᠷ ᠡᠵᠡᠮᠰᠢᠭᠦᠯᠬᠦ ᠬᠡᠷᠡᠭᠲᠡᠢ᠃  ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠣᠯ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ᠂ ᠮᠠᠨ ᠤ  ᠲᠤᠭᠤᠷᠢᠭ ᠤᠨ ᠨᠢᠭᠡ ᠰᠢᠶᠠᠩ ᠨᠢᠭᠡ ᠪᠠᠯᠭᠠᠰᠤᠨ ᠤ ᠬᠥᠷᠰᠢ ᠵᠡᠷᠭᠡᠯᠡᠳᠡᠭᠡ ᠬᠤᠲᠠ ᠶᠢᠨ ᠲᠣᠭᠤᠷᠢᠭ ᠲᠠᠢ ᠬᠥᠷᠰᠢᠯᠡᠵᠦ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠰᠠᠭᠤᠷᠢ ᠲᠠᠢ᠂ ᠳᠠᠪᠠᠭᠤᠯᠢᠭ ᠲᠠᠢ ᠶᠤᠮ᠃ ︽ᠲᠣᠭᠲᠠᠭᠠᠯ︾ ᠲᠠᠢ ᠬᠠᠷᠢᠴᠠᠭᠤᠯᠤᠨ ᠨᠠᠶᠢᠳᠠᠪᠤᠷᠢᠵᠢᠭᠤᠯᠬᠤ ᠠᠵᠢᠯ ᠢ ᠤᠷᠢᠳᠴᠢᠯᠠᠨ ᠲᠥᠯᠥᠪᠵᠢᠭᠦᠯᠵᠦ᠂ ︽ᠠᠮᠤ ᠪᠤᠳᠠᠭ᠎ᠠ᠂ ᠮᠢᠬ᠎ᠠ᠂ ᠰᠦ︾ ᠶᠢᠨ ᠲᠣᠭᠤᠷᠢᠨ ᠳᠤ ᠬᠦᠴᠦ ᠣᠷᠣᠭᠤᠯᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠠᠶᠢᠲᠤᠷ ᠪᠠᠶᠢᠭᠤᠯᠤᠨ ᠰᠠᠶᠢᠲᠤᠷ ᠬᠡᠷᠡᠭᠯᠡᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠦᠢᠯᠡᠰ ᠢ ᠶᠡᠭᠡ ᠪᠠᠷ ᠬᠥᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠵᠤᠭᠠᠴᠠᠯ ᠤᠨ ᠲᠠᠷᠢᠶᠠᠯᠠᠩ᠂ ᠰᠡᠯᠡᠭᠦᠴᠡᠯ ᠤᠨ ᠲᠠᠷᠢᠶᠠᠯᠠᠩ᠂ ᠠᠮᠢ ᠠᠬᠤᠢ ᠶᠢᠨ ᠲᠠᠷᠢᠶᠠᠯᠠᠩ ᠢ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠬᠤ ᠬᠡᠷᠡᠭᠲᠡᠢ᠃ ᠳᠡᠭᠡᠳᠦ ᠱᠠᠲᠤᠨ ᠤ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠨᠤᠷᠠᠬᠤ ᠠᠶᠤᠯᠲᠠᠶ ᠬᠡᠷ ᠪᠠᠶᠢᠰᠢᠩ᠂ ᠵᠠᠰᠠᠮᠠᠯ ᠵᠠᠮ ᠵᠡᠷᠭᠡ ᠶᠢ ᠥᠭᠡᠷᠡᠴᠢᠯᠡᠬᠦ ᠠᠵᠢᠯ ᠢ ᠦᠷᠭᠦᠯᠵᠢᠯᠡᠨ ᠠᠬᠢᠭᠤᠯᠵᠤ᠂ ᠬᠦᠴᠦᠨ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ ᠴᠢᠳᠠᠪᠤᠷᠢᠲᠠᠨ᠂ ᠪᠡᠯᠡ ᠮᠥᠩᠭᠦ ᠵᠡᠷᠭᠡ ᠬᠦᠴᠦᠨ ᠵᠦᠢᠯ ᠤᠨ ᠲᠠᠷᠢᠶᠠᠯᠠᠩ ᠬᠥᠳᠡᠭᠡ ᠲᠣᠰᠬᠤᠨ ᠲᠡᠰᠢ ᠰᠢᠯᠵᠢᠬᠦ ᠶᠢ ᠬᠥᠲᠥᠯᠦᠨ ᠵᠢᠯᠣᠭᠤᠳᠬᠤ ᠬᠡᠷᠡᠭᠲᠡᠶ᠃ ᠡᠯ᠎ᠡ ᠵᠦᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠣᠨᠣᠪᠴᠢᠲᠠᠶ ᠨᠠᠶᠢᠳᠠᠪᠤᠷᠢᠵᠢᠭᠤᠯᠵᠤ᠂ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠰᠢᠨ᠎ᠡ ᠬᠡᠯᠪᠡᠷᠢ ᠶᠢᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠠᠷᠢᠶᠠᠴᠢᠳ ᠤᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠳᠠᠶᠢᠴᠢᠯᠠᠬᠤ ᠬᠡᠷᠡᠭᠲᠡᠶ᠃ ᠮᠠ ᠯᠢᠶᠠᠨ ᠴᠢᠦᠶ ᠰᠢᠶᠠᠩ ᠤᠨ ᠱᠢ ᠵᠢᠶᠠ ᠲᠣᠰᠬᠤᠨ ᠳᠤ᠂ ᠵᠠᠩ ᠶᠦᠩ ᠸᠧᠨ ᠲᠣᠰ ᠲᠣᠰᠬᠤᠨ ᠤ ᠠᠵᠤ ᠦᠢᠯᠡᠰ ᠤᠨ ᠬᠥᠭᠵᠢᠯᠲᠡ᠂ ᠢᠷᠡᠭᠡᠳᠦᠶ ᠶᠢᠨ ᠲᠥᠯᠥᠪᠵᠢᠭᠦᠯᠭᠡ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠣᠰ ᠲᠣᠰᠬᠤᠨ ᠤ ᠬᠥᠭᠵᠢᠯᠲᠡ ᠶᠢᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ᠠᠵᠤ ᠦᠢᠯᠡᠰ ᠤᠨ ᠬᠥᠭᠵᠢᠯᠲᠡ ᠶᠢᠨ ᠵᠠᠮ ᠢ ᠨᠠᠷᠢᠨ ᠬᠢᠨᠠᠮᠠᠭᠠᠶ ᠲᠥᠯᠥᠪᠯᠡᠨ ᠰᠦᠪᠡᠭᠴᠢᠯᠡᠵᠦ᠂ ᠤᠨᠴᠠᠯᠢᠬᠳᠤ ᠲᠥᠷᠥᠯ ᠵᠦᠢᠯ ᠢ ᠴᠣᠭᠴᠠᠯᠠᠬᠤ᠂ ᠤᠨᠴᠠᠯᠢᠬᠳᠤ ᠠᠵᠤ ᠦᠢᠯᠡᠰ ᠤᠨ ᠬᠥᠭᠵᠢᠯᠲᠡ ᠪᠠᠷ ᠳᠠᠮᠵᠢᠭᠤᠯᠤᠨ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠴᠢᠩᠭᠠᠷᠠᠭᠤᠯᠵᠤ᠂ ᠬᠥᠳᠡᠭᠡ ᠲᠣᠰᠬᠤᠨ ᠤ ᠠᠵᠤ ᠠᠬᠤᠶ ᠶᠢᠨ ᠪᠦᠬᠦᠯᠢ ᠴᠣᠭᠴᠠ ᠶᠢᠨ ᠥᠷᠢᠰᠥᠯᠳᠦᠬᠦ ᠬᠦᠴᠦᠨ ᠢ ᠳᠡᠭᠡᠭᠰᠢᠯᠡᠭᠦᠯᠦᠨ᠂ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠪᠠᠷ ᠬᠥᠳᠡᠭᠡ ᠲᠣᠰᠬᠤᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃    ᠵᠠᠩ ᡁᠢ ᠷᠦᠩ ᠣᠷᠣᠯᠴᠠᠵᠠᠢ᠃ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2