ᠠᠩᠬᠠᠳᠤᠭᠠᠷ ᠬᠤᠭᠤᠴᠠᠭᠠᠨ ᠤ ᠯᠠᠨ ᠭᠧ ᠭᠧ ᠲᠠᠯ᠎ᠠ ᠨᠤᠲᠤᠭ ᠤᠨ ᠠᠶᠢᠷᠠᠭ ᠤᠨ ᠨᠠᠶᠢᠷ  ᠦᠪᠡᠳᠡᠭᠰᠢ ᠶᠡᠬᠡᠪᠡᠷ ᠡᠬᠢᠯᠡᠪᠡ
ᠨᠡᠶᠢᠲᠡᠯᠡᠭᠰᠡᠨ ᠴᠠᠭ᠄
2024/8/5
    8 ᠰᠠᠷ᠎ᠠ ᠶᠢᠨ 3 ᠤ ᠡᠳᠦᠷ᠂  ᠠᠩᠬᠠᠳᠤᠭᠠᠷ ᠬᠤᠭᠤᠴᠠᠭᠠᠨ ᠤ  ᠯᠠᠨ ᠭᠧ ᠭᠧ ᠲᠠᠯ᠎ᠠ ᠨᠤᠲᠤᠭ ᠤᠨ ᠠᠶᠢᠷᠠᠭ ᠤᠨ ᠨᠠᠶᠢᠷ ᠤᠯᠠᠭᠠᠨᠴᠠᠪ ᠤᠨ ᠨᠠᠷᠠᠨ ᠭᠡᠷᠡᠯᠲᠦ ᠲᠠᠯ᠎ᠠ ᠨᠤᠲᠤᠭ · ᠳ᠋ᠠ ᠾᠧ ᠸᠠᠨ ᠤ ᠵᠤᠭᠠᠴᠠᠯ ᠤᠨ ᠠᠮᠠᠷᠠᠯᠲᠠ ᠶᠢᠨ ᠣᠷᠣᠨ ᠳᠤ ᠡᠬᠢᠯᠡᠪᠡ᠃    ᠬᠤᠲᠠ ᠲᠣᠭᠤᠷᠢᠭ ᠤᠨ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠣᠯᠤᠨ ᠬᠠᠮᠢᠶ᠎ᠠ ᠪᠦᠬᠦᠢ ᠬᠦᠷᠢᠶᠡᠨ ᠤ ᠲᠤᠰᠬᠠᠶ ᠮᠡᠷᠭᠡᠵᠢᠯᠲᠡᠨ ᠡᠷᠳᠡᠮᠲᠡᠨ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠯᠠᠨ ᠭᠧ ᠭᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠳᠠᠭᠠᠭᠠᠮᠠᠯ ᠼᠦᠢ ᠬᠠᠶ ᠫᠢᠩ ᠪᠣᠯᠤᠨ ᠳ᠋ᠠ ᠱᠦ  ᠯᠦᠸᠧ  ᠳ᠋ᠢ   ᠶᠢ ᠡᠭᠦᠰᠭᠡᠨ ᠪᠠᠶᠢᠭᠤᠯᠤᠭᠴᠢ ᠯᠢ ᠯᠢᠶᠠᠩ ᠲᠣᠰ ᠲᠣᠰ ︽ᠮᠢᠨᠦ ᠠᠶᠢᠷᠠᠭ  ᠤᠨ ᠵᠡᠭᠦᠳᠦ︾ ᠪᠣᠯᠤᠨ ︽ᠴᠠᠭ ᠦᠶ᠎ᠡ ᠶᠢᠨ ᠲᠣᠭᠲᠠᠭᠠᠯᠲᠤ ᠴᠢᠨᠠᠷ ᠢ ᠲᠣᠭᠲᠠᠭᠠᠬᠤ︾ ᠪᠠᠷ ᠭᠤᠤᠯ ᠰᠡᠳᠦᠪ ᠪᠣᠯᠭᠠᠵᠤ᠂ ᠯᠠᠨ ᠭᠧ ᠭᠧ ᠭᠧ ᠰᠦᠨ ᠦᠢᠯᠡᠰ ᠤᠨ ᠬᠢᠵᠠᠭᠠᠷᠲᠤ ᠺᠣᠮᠫᠠᠨᠢ ᠶᠢᠨ ᠳ᠋ᠣᠺᠲ᠋ᠣᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠥᠷᠲᠡᠭᠡᠨ ᠤ ᠠᠬᠠᠯᠠᠭᠴᠢ ᠰᠠᠩ ᠶᠤᠸᠠᠢ᠂ ᠪᠡᠭᠡᠵᠢᠩ ᠪᠣᠯᠤᠨ ᠢ ᠶᠤᠸᠠᠨ ᠠᠮᠢᠳᠤ ᠪᠣᠳᠠᠰ ᠤᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠶᠡᠷᠦᠩᠬᠡᠶ ᠬᠢᠨᠠᠭᠴᠢ ᠭᠧ ᠱᠣᠤ ᠶᠠᠩ᠂ ᠥᠪᠥᠷ ᠮᠣᠩᠭᠤᠯ ᠤᠨ ᠯᠠᠨ ᠭᠧ ᠭᠧ ᠰᠦᠨ ᠦᠢᠯᠡᠰ ᠤᠨ ᠬᠢᠵᠠᠭᠠᠷᠲᠤ ᠺᠣᠮᠫᠠᠨᠢ ᠶᠢᠨ ᠮᠡᠷᠭᠡᠵᠢᠯ ᠤᠨ ᠶᠡᠷᠦᠩᠬᠡᠶ ᠬᠢᠨᠠᠭᠴᠢ ᠶᠣᠣ ᠺᠠᠶ ᠵᠢᠴᠢ ᠳᠤᠮᠳᠠᠳᠤ ᠤᠯᠤᠰ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠰᠢᠮ᠎ᠡ ᠲᠡᠵᠢᠭᠡᠯ ᠬᠢᠭᠡᠳ ᠡᠷᠡᠭᠦᠯ ᠮᠡᠨᠳᠦ ᠶᠢᠨ ᠭᠠᠵᠠᠷ ᠤᠨ ᠰᠢᠮ᠎ᠡ ᠲᠡᠵᠢᠭᠡᠯ ᠤᠨ ᠬᠢᠨᠠᠨ ᠬᠡᠮᠵᠢᠬᠦ ᠲᠠᠰᠤᠭ ᠤᠨ ᠡᠷᠬᠢᠯᠡᠭᠴᠢ ᠸᠠᠩ ᠬᠤᠶ ᠵᠢᠶᠦ᠋ᠨ ᠲᠣᠰ ᠲᠣᠰ ᠦᠯᠢᠭᠡᠷ ᠠᠪᠬᠤ᠂ ᠰᠤᠳᠤᠯᠤᠨ ᠨᠡᠭᠡᠭᠡᠬᠦ᠂ ᠬᠡᠷᠡᠭᠯᠡᠬᠦ ᠪᠠ ᠰᠢᠮ᠎ᠡ ᠲᠡᠵᠢᠭᠡᠯ ᠤᠨ ᠥᠷᠲᠡᠭ ᠳᠥᠷᠪᠡᠨ ᠲᠠᠰ ᠳᠠᠪᠬᠤᠷᠭ᠎ᠠ  ᠶᠢᠨ ᠬᠤᠪᠢᠷᠠᠭᠤᠯᠤᠯᠲᠠ ᠶᠢ ᠲᠠᠶᠢᠯᠪᠤᠷᠢᠯᠠᠵᠠᠶ᠃ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠯᠠᠨ ᠭᠧ ᠭᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ 6 ᠳ᠋ᠤᠭᠠᠷ ᠰᠠᠷ᠎ᠠ ᠶᠢᠨ 8 ᠤ ᠡᠳᠦᠷ ᠤᠯᠠᠭᠠᠨᠴᠠᠪ ᠤᠨ ᠰᠥᠨᠢ ᠪᠠᠷ ᠵᠡᠭᠡᠯᠢ  ᠲᠤᠬᠠᠶ ᠶᠢᠨ ᠲᠠᠯᠠᠪᠠᠶ ᠳᠤ ︽ᠬᠠᠮᠤᠭ ᠤᠨ ᠭᠤᠶᠣ ᠬᠡᠬᠡ ᠶᠢ ᠡᠷᠢᠬᠦ︾ ᠠᠵᠢᠯᠯᠠᠭ᠎ᠠ ᠶᠢ ᠡᠬᠢᠯᠡᠭᠦᠯᠵᠦ᠂ ᠯᠢᠦ ᠭᠧ ᠭᠧ᠂ ᠧᠨ ᠺᠧ ᠵᠡᠷᠭᠡ ᠰᠦᠯᠵᠢᠶᠡᠨ ᠤ ᠨᠡᠷᠡᠲᠦ ᠣᠳᠣᠳ ᠤᠨ ᠵᠢᠭᠰᠠᠭᠠᠯ ᠳᠤ ᠯᠢᠶᠣᠤᠨᠢᠩ ᠮᠤᠵᠢ ᠶᠢᠨ ᠱᠧᠨᠶᠠᠩ ᠬᠤᠳᠠ ᠠᠴᠠ ᠢᠷᠡᠭᠰᠡᠨ ᠵᠧᠩ ᠰᠢᠶᠤᠤ ᠰᠢᠤᠸᠠᠢ ︽ᠬᠠᠮᠤᠭ ᠤᠨ ᠭᠤᠶᠤ ᠭᠡᠭᠡ︾ ᠶᠢᠨ ᠴᠣᠯᠠ ᠬᠦᠷᠲᠡᠵᠡᠢ᠃     ᠥᠪᠥᠷ ᠮᠣᠩᠭᠤᠯ ᠤᠨ ᠯᠠᠨ ᠭᠡ ᠭᠡ ᠴᠠᠭᠠᠨ ᠢᠳᠡᠭᠡᠨ ‍ᠦᠢ ᠦᠢᠯᠡᠰ ᠤᠨ ᠬᠢᠵᠠᠭᠠᠷᠲᠤ ᠺᠣᠮᠫᠠᠨᠢ ᠶᠢᠨ ᠠᠬᠠᠯᠠᠭᠴᠢ ᠳ᠋ᠣᠺᠲ᠋ᠣᠷ  ᠰᠠᠩ ᠶᠦᠡ‌‍ᠪᠢᠳᠡ ᠬᠤᠯᠪᠣᠭᠳᠠᠯ ᠪᠦᠬᠦᠢ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠵᠢᠯ ᠪᠦᠷᠢ ᠲᠠᠯ᠎ᠠ ᠨᠤᠲᠤᠭ ᠲᠤ ᠬᠦᠷᠴᠦ ᠪᠠᠺᠲ᠋ᠧᠷᠢ ᠶᠢᠨ ᠦᠷ᠎ᠡ ᠶᠢ ᠴᠤᠭᠯᠠᠭᠤᠯᠬᠤ ᠶᠢ ᠪᠠᠷᠢᠮᠲᠠᠯᠠᠵᠤ᠂ ᠰᠢᠯᠢᠳᠡᠭ ᠰᠠᠶᠢᠨ ᠠᠰᠢᠭᠲᠠᠢ ᠪᠠᠺᠲ᠋ᠧᠷᠢ ᠶᠢᠨ ᠦᠷ᠎ᠡ ᠪᠠ ᠢᠰᠬᠡᠭᠰᠡᠨ ᠪᠠᠺᠲ᠋ᠧᠷᠢ ᠶᠢᠨ ᠦᠷ᠎ᠡ ᠶᠢ ᠨᠡᠭᠡᠭᠡᠨ ᠬᠥᠭᠵᠢᠭᠦᠯᠵᠦ᠂ ᠮᠠᠨ ᠤ ᠳᠤᠮᠳᠠᠳᠤ ᠤᠯᠤᠰ ᠤᠨ ᠬᠥᠮᠦᠨ ᠤ ᠥᠪᠡᠷ ᠤᠨ ᠲᠠᠯ᠎ᠠ ᠨᠤᠲᠤᠭ ᠤᠨ ᠡᠭᠡᠳᠡᠭᠰᠡᠨ ᠰᠦ ᠶᠢ ᠨᠡᠩ ᠤᠯᠠᠨ ᠦᠢᠯᠡᠳᠪᠦᠷᠢᠯᠡᠵᠦ᠂ ᠴᠢᠨᠠᠷ ᠰᠠᠶᠢᠲᠠᠢ ᠦᠢᠯᠡᠳᠬᠦᠨ ᠢᠶᠠᠷ ᠤᠯᠤᠰ ᠤᠨ ᠬᠥᠮᠦᠨ ᠤ ᠡᠷᠡᠭᠦᠯ ᠮᠡᠨᠳᠦ ᠶᠢ ᠳᠡᠮᠵᠢᠨ᠎ᠡ  ᠭᠡᠵᠡᠢ᠃    ᠣᠳᠣᠬᠠᠨ ᠳᠤ᠂ ᠥᠪᠥᠷ ᠮᠣᠩᠭᠤᠯ ᠤᠨ ᠯᠠᠨ ᠭᠧ ᠭᠧ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠲᠠᠯ᠎ᠠ ᠨᠤᠲᠤᠭ ᠤᠨ ᠠᠶᠢᠷᠠᠭ ᠤᠨ ᠣᠨᠴᠠᠯᠢᠭ ᠲᠤ ᠨᠡᠶᠢᠴᠡᠭᠰᠡᠨ 26 ᠰᠠᠭᠤᠷᠢ ᠮᠥᠭᠦ ᠶᠢᠨ ᠪᠦᠭᠡᠮ ᠲᠠᠢ ᠪᠠᠶᠢᠵᠤ᠂ ᠡᠭᠦᠨ ᠳᠤ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠨᠤᠲᠤᠭ ᠪᠡᠯᠴᠢᠭᠡᠷ ᠤᠨ ᠪᠠᠺᠲ᠋ᠧᠷᠢ LanggJO 8 ᠭᠤᠣᠯ ᠪᠣᠯᠬᠤ ᠪᠦᠲᠦᠭᠡᠭᠳᠡᠬᠦᠨ ᠳᠤ ᠬᠡᠷᠡᠭᠯᠡᠵᠦ᠂ ᠵᠠᠬ᠎ᠠ ᠳᠡᠯᠭᠡᠭᠦᠷ ᠤᠨ ᠬᠠᠷᠢᠭᠤ ᠲᠤᠰᠬᠠᠯ ᠮᠠᠰᠢ ᠰᠠᠶᠢᠨ ᠪᠠᠶᠢᠨ᠎ᠠ᠃                         ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2