ᠵᠠᠩ ᠶᠦᠩ ᠸᠧᠨ ᠳᠤᠯᠠᠭᠠᠯᠠᠭ᠎ᠠ ᠶᠢ ᠴᠡᠪᠡᠷᠯᠡᠬᠦ ᠪᠠ ᠬᠠᠭᠤᠴᠢᠨ ᠬᠤᠷᠢᠶᠠᠯᠠᠯ ᠢ ᠥᠭᠡᠷᠡᠴᠢᠯᠡᠨ ᠪᠠᠶᠢᠭᠤᠯᠬᠤ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/5
    8 ᠰᠠᠷ᠎ᠠ ᠶᠢᠨ 1 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠮᠠᠨ ᠤ ᠲᠣᠭᠤᠷᠢᠭ ᠤᠨ ᠳᠤᠯᠠᠭᠠᠯᠠᠭ᠎ᠠ ᠶᠢ ᠴᠡᠪᠡᠷᠯᠡᠬᠦ ᠪᠠ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠰᠬᠠᠢ ᠰᠡᠳᠦᠪᠲᠦ ᠬᠤᠷᠠᠯ ᠢ ᠡᠷᠬᠢᠯᠡᠨ ᠬᠤᠷᠠᠯᠳᠤᠭᠤᠯᠪᠠ᠃     ᠵᠠᠩ ᠶᠦᠩ ᠸᠧᠨ ᠰᠢᠨ᠎ᠡ ᠡᠷᠡᠨ ᠵᠠᠭᠤᠨ ᠠᠷᠠᠰᠤᠨ ᠡᠳᠡᠯᠡᠯ ᠨᠡᠶᠢᠲᠡ ᠶᠢᠨ ᠪᠠᠶᠢᠷᠢ ᠳᠤ  ᠬᠦᠷᠴᠦ ᠂ ᠰᠠᠭᠤᠭᠠᠯᠢ ᠠᠷᠠᠳ ᠤᠨ ᠲᠣᠭᠤᠷᠢᠭ ᠤᠨ ᠤᠯᠠᠨ ᠨᠡᠶᠢᠲᠡ ᠶᠢᠨ ᠣᠷᠣᠨ ᠪᠦᠰᠡ ᠶᠢ ᠰᠡᠯᠪᠢᠨ ᠵᠠᠰᠠᠬᠤ᠂ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ᠂ ᠢᠵᠢ ᠪᠦᠷᠢᠳᠦᠭᠰᠡᠨ ᠦᠢᠯᠡᠴᠢᠯᠡᠭᠡᠨ ᠤ ᠲᠥᠬᠦᠭᠡᠷᠦᠮᠵᠢ ᠶᠢ ᠳᠡᠭᠡᠭᠰᠢᠯᠡᠭᠦᠯᠬᠦ ᠵᠡᠷᠭᠡ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠪᠠᠷᠢᠯᠭ᠎ᠠ ᠶᠢᠨ ᠠᠬᠢᠴᠠ᠂ ᠪᠡᠶᠡᠯᠡᠭᠦᠯᠬᠦ ᠴᠠᠭ ᠲᠤ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠲᠠᠷᠠᠭ᠎ᠠ ᠨᠢ᠂ ᠮᠠ ᠯᠢᠶᠠᠨ ᠴᠢᠦᠢ ᠰᠢᠶᠠᠩ ᠤᠨ ᠳ᠋ᠠ ᠭᠧ ᠽᠦᠢ ᠲᠣᠰᠬᠤᠨ ᠪᠣᠯᠤᠨ ᠪᠠᠢ ᠬᠠᠢ ᠽᠢ ᠪᠠᠯᠭᠠᠰᠤᠨ ᠤ ᠴᠢᠤᠸᠠᠨ ᠢᠦᠢ ᠯᠢᠩ ᠲᠣᠰᠬᠤᠨ ᠤ ᠬᠡᠰᠡᠭ ᠲᠣᠰᠬᠤᠨ ᠤ ᠠᠷᠠᠳ ᠤᠨ ᠭᠡᠷ ᠲᠤ ᠬᠦᠷᠴᠦ᠂ ᠢᠵᠢ ᠪᠦᠷᠢᠳᠦᠭᠰᠡᠨ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠠᠬᠢᠴᠠ᠂ ᠠᠵᠢᠯᠯᠠᠭᠠᠨ ᠤ ᠥᠪᠡᠷ ᠤᠨ ᠦᠷᠳᠡᠭ᠂ ᠨᠥᠬᠦᠪᠥᠷᠢ ᠶᠢᠨ ᠲᠦᠷᠦ ᠶᠢᠨ ᠪᠤᠳᠤᠯᠭ᠎ᠠ ᠵᠢᠴᠢ ᠠᠮᠤᠷ ᠲᠦᠪᠰᠢᠨ ᠤ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃    ᠵᠠᠩ ᠶᠦᠩ ᠸᠧᠨ ᠲᠤᠰᠬᠠᠢ ᠰᠡᠳᠦᠪᠲᠦ ᠬᠤᠷᠠᠯ ᠳᠡᠭᠡᠷ᠎ᠡ᠂  ᠮᠠᠨ ᠤ ᠲᠤᠭᠤᠷᠢᠭ ᠤᠨ ᠠᠷᠢᠭᠤᠨ ᠴᠡᠪᠡᠷ ᠳᠤᠯᠠᠭᠠᠯᠠᠭ᠎ᠠ ᠪᠣᠯᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠲᠡᠷᠡ ᠬᠡᠯᠡᠭᠰᠡᠨ ᠨᠢ ᠂ ᠠᠷᠢᠭᠤᠨ ᠴᠡᠪᠡᠷ ᠳᠤᠯᠠᠭᠠᠯᠠᠭ᠎ᠠ ᠪᠠ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠪᠣᠯ ᠨᠢᠭᠡ ᠵᠦᠢᠯ ᠤᠨ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠨ᠎ᠠ᠂ ᠠᠷᠠᠳ ᠤᠯᠠᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠠᠵᠢᠯ ᠤᠨ ᠳᠤᠮᠳᠠ ᠢᠯᠡᠷᠡᠭᠰᠡᠨ ᠡᠯ᠎ᠡ ᠲᠦᠷᠦᠯ ᠤᠨ ᠠᠰᠠᠭᠤᠳᠠᠯ ᠢ ᠵᠣᠬᠢᠰᠲᠠᠢ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠪᠣᠯᠤᠨ ᠪᠠᠷᠢᠯᠭ᠎ᠠ ᠶᠢᠨ ᠠᠮᠤᠷ ᠲᠦᠪᠰᠢᠨ ᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠢᠩᠭᠠᠯᠠᠵᠤ᠂ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ ᠶᠠᠪᠤᠳᠠᠯ ᠢ ᠪᠣᠳᠠᠲᠠᠢ ᠬᠢᠬᠦ ᠶᠢ ᠪᠠᠲᠤᠯᠠᠬᠤ ᠬᠡᠷᠡᠭᠲᠡᠢ᠃ ᠪᠠᠷᠢᠯᠭ᠎ᠠ ᠶᠢᠨ ᠰᠢᠵᠢᠷ ᠠᠯᠳᠠᠨ ᠬᠤᠭᠤᠴᠠᠭ᠎ᠠ ᠶᠢ ᠠᠮᠵᠢᠨ ᠠᠳᠬᠤᠵᠤ᠂ ᠪᠠᠷᠢᠯᠭ᠎ᠠ ᠶᠢᠨ ᠲᠥᠰᠦᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠠᠮᠤᠷ ᠲᠦᠪᠰᠢᠨ ᠪᠠ ᠶᠠᠰᠤ ᠴᠢᠨᠠᠷ ᠢ ᠪᠠᠲᠤᠯᠠᠭᠰᠠᠨ ᠤᠷᠢᠲᠠᠯ ᠳᠣᠣᠷ᠎ᠠ᠂ ᠪᠠᠷᠢᠯᠭ᠎ᠠ ᠶᠢᠨ ᠠᠬᠢᠴᠠ ᠶᠢ ᠪᠦᠬᠦ ᠬᠦᠴᠦᠨ ᠢᠶᠠᠷ ᠢᠶᠠᠨ ᠲᠦᠷᠭᠡᠳᠬᠡᠵᠦ᠂ ᠤᠯᠠᠨ ᠲᠦᠮᠡᠨ ᠳᠤ ᠬᠢᠮᠳᠠ ᠲᠤᠬᠢᠷᠠᠮᠵᠢᠳᠠᠢ ᠴᠢᠨᠠᠷ ᠰᠠᠶᠢᠲᠠᠢ ᠢᠯᠴᠢ ᠶᠢᠨ ᠡᠬᠢ ᠰᠤᠷᠪᠤᠯᠵᠢ ᠪᠠ ᠥᠭᠡᠷᠡᠴᠢᠯᠡᠯᠲᠡ ᠠᠴᠠ ᠪᠣᠯᠤᠭᠰᠠᠨ ᠲᠠᠭᠠᠯᠠᠮᠵᠢᠲᠠᠢ ᠣᠷᠴᠢᠨ ᠲᠣᠭᠤᠷᠢᠨ ᠢ ᠡᠷᠲᠡᠬᠡᠨ ᠡᠳ᠋ᠯᠡᠭᠦᠯᠬᠦ ᠬᠡᠷᠡᠭᠲᠡᠢ᠃        ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2