ᠵᠢᠨᠢᠩ ᠲᠣᠭᠤᠷᠢᠭ 40 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/9/12
    9 ᠰᠠᠷ᠎ᠠ ᠶᠢᠨ 10 ᠤ ᠡᠳᠦᠷ᠂ ᠵᠢᠨᠢᠩ ᠲᠣᠭᠤᠷᠢᠭ 40 ᠳ᠋ᠤᠭᠠᠷ ᠪᠠᠭᠰᠢ ᠶᠢᠨ ᠪᠠᠶᠠᠷ ᠢ ᠪᠡᠯᠭᠡᠯᠡᠬᠦ ᠶᠠᠷᠢᠯᠴᠠᠬᠤ ᠬᠤᠷᠠᠯ ᠬᠤᠷᠠᠯᠳᠤᠭᠤᠯᠪᠠ᠃    ᠶᠠᠷᠢᠯᠴᠠᠬᠤ ᠬᠤᠷᠠᠯ ᠳᠡᠭᠡᠷ᠎ᠡ᠂ ᠪᠥᠬᠦ ᠲᠤᠭᠤᠷᠢᠭ ᠤᠨ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ᠂ ᠪᠠᠭᠰᠢ ᠶᠢᠨ ᠲᠥᠯᠥᠭᠡᠯᠡᠭᠴᠢ ᠲᠣᠰ ᠲᠣᠰ ᠤᠨ ᠠᠵᠢᠯ ᠤᠨ ᠪᠠᠶᠢᠷᠢ ᠲᠠᠢ ᠪᠠᠨ ᠤᠶᠠᠯᠳᠤᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠭᠢᠯᠡᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠤ᠂ ᠰᠤᠷᠭᠠᠨ ᠬᠥᠮᠦᠵᠢᠯ ᠤᠨ ᠣᠯᠤᠯᠲᠠ ᠪᠠ ᠠᠵᠢᠯ ᠤᠨ ᠲᠤᠷᠰᠢᠯᠭ᠎ᠠ ᠪᠠᠨ ᠬᠤᠪᠢᠶᠠᠯᠴᠠᠭᠰᠠᠨ ᠪᠥᠭᠡᠳ ᠰᠤᠷᠭᠠᠨ ᠬᠥᠮᠦᠵᠢᠯ ᠤᠨ ᠦᠢᠯᠡᠰ ᠲᠤ ᠬᠠᠨᠳᠤᠭᠤᠯᠤᠭᠰᠠᠨ ᠬᠠᠶᠢᠷ᠎ᠠ ᠰᠡᠳᠬᠢᠯᠭᠡ ᠪᠠ ᠬᠥᠭᠡᠭᠡᠴᠡᠯᠳᠦᠯ ᠢᠶᠠᠨ ᠢᠯᠡᠳᠬᠡᠵᠡᠶ᠃    ᠬᠤᠷᠠᠯ ᠠᠴᠠ ᠵᠢᠭᠠᠭᠰᠠᠨ ᠨᠢ᠂ ᠣᠶᠢᠷ᠎ᠠ ᠶᠢᠨ ᠵᠢᠯ ᠠᠴᠠ ᠨᠠᠰᠢ ᠵᠢᠨᠢᠩ ᠲᠣᠭᠤᠷᠢᠭ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠨ ᠳᠤ ᠲᠠᠯᠪᠢᠵᠤ᠂ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠤᠯ ᠰᠢᠵᠢᠮ ᠪᠣᠯᠭᠠᠵᠤ᠂ ᠪᠥᠬᠦ  ᠲᠤᠭᠤᠷᠢᠭ ᠤᠨ ᠰᠤᠷᠭᠠᠨ ᠬᠥᠮᠦᠵᠢᠯ ᠤᠨ ᠦᠶᠯᠡᠰ ᠤᠨ ᠬᠥᠭᠵᠢᠯᠲᠡ ᠢᠯᠡᠳᠲᠡ ᠦᠷ᠎ᠡ ᠪᠦᠲᠦᠮᠵᠢ ᠤᠯᠪᠠ᠃ ᠣᠳᠣᠬᠠᠨ ᠳᠤ᠂ ᠪᠥᠬᠦ  ᠲᠤᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠰᠢᠨ᠎ᠡ ᠱᠠᠲᠤᠨ ᠳᠤ ᠣᠷᠣᠵᠤ᠂ ᠥᠷᠭᠡᠨ ᠣᠯᠠᠨ ᠪᠠᠭᠰᠢ ᠨᠠᠷ ᠰᠤᠷᠭᠠᠨ ᠬᠥᠮᠦᠵᠢᠯ ᠤᠨ ᠬᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠲᠥᠯᠥᠭᠡ ᠬᠥᠮᠦᠨ ᠬᠥᠮᠦᠵᠢᠭᠦᠯᠬᠦ᠂ ᠤᠯᠤᠰ ᠤᠨ ᠲᠥᠯᠥᠭᠡ ᠴᠢᠳᠠᠪᠤᠷᠢᠲᠠᠨ ᠬᠥᠮᠦᠵᠢᠭᠦᠯᠬᠦ ᠡᠷᠬᠢᠮ ᠳᠡᠭᠡᠳᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠣᠰᠣ ᠰᠤᠷᠲᠠᠬᠤᠨ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠵᠡᠷᠭᠡ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠴᠢᠷᠮᠠᠶᠢᠨ ᠬᠥᠮᠦᠵᠢᠭᠦᠯᠬᠦ ᠶᠢ ᠬᠦᠰᠡᠵᠦ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠯᠢᠳᠡᠭ ᠤᠯᠠᠮᠵᠢᠯᠠᠯ ᠢᠶᠠᠨ ᠦᠷᠭᠦᠯᠵᠢᠯᠡᠭᠦᠯᠵᠦ᠂ ᠪᠠᠭᠰᠢ ᠶᠢ ᠬᠦᠨᠳᠦᠳᠬᠡᠬᠦ ᠬᠡᠪ ᠰᠤᠷᠲᠠᠯ ᠢ ᠪᠠᠳᠠᠷᠠᠭᠤᠯᠵᠤ᠂ ᠰᠤᠷᠭᠠᠨ ᠬᠥᠮᠦᠵᠢᠯ ᠢ ᠴᠢᠬᠤᠯᠠᠴᠢᠯᠠᠬᠤ ᠠᠭᠤᠷ ᠠᠮᠢᠰᠬᠤᠯ ᠢ ᠭᠦᠨ ᠵᠤᠵᠠᠭᠠᠨ ᠪᠣᠯᠭᠠᠵᠤ᠂ ᠪᠠᠭᠰᠢ ᠨᠠᠷ ᠲᠤ ᠦᠢᠯᠡᠴᠢᠯᠡᠵᠦ ᠪᠠᠲᠤᠯᠠᠬᠤ ᠠᠵᠢᠯ ᠢ ᠰᠠᠶᠢᠲᠤᠷ ᠬᠢᠵᠦ᠂ ᠮᠠᠨ ᠤ ᠲᠤᠭᠤᠷᠢᠭ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦ ᠪᠠᠨ ᠬᠠᠮᠲᠤᠳᠬᠠᠨ ᠠᠬᠢᠭᠤᠯᠬᠤ ᠬᠡᠷᠡᠭᠲᠡᠢ ᠭᠡᠵᠡᠢ᠃            ᠨᠠᠶᠢᠷᠠᠭᠤᠯᠤᠭᠴᠢ᠄ ᠸᠠᠩ ᠵᠢᠩ ᠵᠢᠩ            ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2